365提款成功但是不到账_365bet官网娱_aa365备用网址人民政府蒙古文网站 365提款成功但是不到账_365bet官网娱_aa365备用网址

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠵᠠᠰᠠᠭ  ᠤᠨ ᠤᠷᠳᠤᠨ  ᠤ ᠠᠵᠢᠯ ᠤᠨ ᠢᠯᠡᠳᠭᠡᠯ
        ᠨᠡᠶᠢᠲᠡᠯᠡᠭᠰᠡᠨ ᠴᠠᠭ᠄
        2018/2/25
            —  2009  ᠤᠨ  ᠎ ᠤ  2 ᠳ᠋ᠣᠭᠠᠷ  ᠰᠠᠷ᠎ᠠ  ᠶᠢᠨ  5  ᠎ ᠤ ᠡᠳᠦᠷ  ᠤᠷᠳᠤᠰ ᠬᠤᠲᠠ  ᠎ ᠶᠢᠨ              ᠬᠤᠶᠠᠳᠣᠭᠠᠷ ᠬᠤᠭᠤᠴᠠᠭᠠᠨ ᠤ ᠠᠷᠠᠳ  ᠎ ᠤᠨ ᠲᠦᠯᠦᠭᠡᠯᠡᠭᠴᠢᠳ  ᠎ ᠤᠨ ᠶᠡᠭᠡ  ᠬᠤᠷᠠᠯ ᠤᠨ            ᠭᠤᠷᠪᠠᠳᠤᠭᠠᠷ ᠣᠳᠠᠭᠠᠨ  ᠤ ᠬᠤᠷᠠᠯᠳᠣᠭᠠᠨ ᠲᠡᠭᠡᠷ᠎ᠡ                       ᠤᠷᠳᠤᠰ ᠬᠤᠲᠠ  ᠶᠢᠨ ᠤᠷᠤᠯᠠᠭᠴᠢ ᠲᠠᠷᠤᠭ᠎ᠠ   ᠶᠦᠨ ᠭᠤᠸᠠᠩ  ᠵᠦᠩᠲᠦᠯᠦᠭᠡᠯᠡᠭᠴᠢᠳ ᠡ᠄      ᠤᠳᠤ ᠪᠢ ᠬᠤᠲᠠ  ᠶᠢᠨ ᠠᠷᠠᠳ  ᠤᠨ ᠵᠠᠰᠠᠭ  ᠤᠨ ᠤᠷᠳᠤᠨ  ᠢ ᠲᠦᠯᠦᠬᠡᠯᠡᠨ ᠶᠡᠭᠡ ᠬᠤᠷᠠᠯ  ᠳᠤ ᠮᠡᠳᠡᠬᠦᠯᠦᠯᠲᠡ ᠬᠢᠶ᠎ᠡ᠂ ᠬᠢᠨᠠᠨ ᠵᠦᠪᠯᠡᠬᠦ ᠪᠤᠯᠪᠠᠤ᠂ ᠲᠡᠷᠡᠴᠢᠯᠡᠨ ᠬᠤᠲᠠ  ᠶᠢᠨ ᠤᠯᠤᠰ ᠲᠦᠷᠦ ᠶᠢᠨ ᠵᠦᠪᠯᠡᠯᠭᠡᠨ  ᠤ ᠭᠡᠰᠢᠬᠦᠳ ᠪᠤᠯᠤᠨ ᠬᠤᠷᠠᠯ  ᠳᠤ ᠰᠣᠯᠠ ᠤᠷᠤᠯᠴᠠᠭᠰᠠᠳ ᠰᠠᠨᠠᠯ  ᠢᠶᠠᠨ ᠲᠤᠷᠠᠳᠬᠤ ᠪᠤᠯᠪᠠᠤ᠃           ᠨᠢᠭᠡ᠂   2008  ᠤᠨ  ᠤ  ᠠᠵᠢᠯ  ᠤᠨ  ᠪᠠᠶᠢᠳᠠᠯ      ᠦᠩᠭᠡᠷᠡᠭᠰᠡᠨ  ᠤ ᠨᠢᠬᠡ ᠵᠢᠯ  ᠳᠤ᠂ ᠬᠤᠲᠠ  ᠶᠢᠨ ᠠᠷᠠᠳ  ᠤᠨ ᠵᠠᠰᠠᠭ  ᠤᠨ ᠤᠷᠳᠤᠨ ᠦᠪᠡᠷᠳᠡᠭᠡᠨ ᠵᠠᠰᠠᠬᠤ ᠤᠷᠤᠨ  ᠤ ᠨᠠᠮ  ᠤᠨ ᠬᠤᠷᠢᠶ᠎ᠠ᠂ ᠵᠠᠰᠠᠭ ᠎ ᠤᠨ ᠤᠷᠳᠤᠨ ᠪᠠ ᠬᠤᠲᠠ  ᠶᠢᠨ ᠨᠠᠮ  ᠤᠨ ᠬᠤᠷᠢᠶᠠᠨ  ᠤ ᠵᠦᠪ  ᠤᠨᠤᠪᠴᠢᠳᠡᠢ ᠤᠳᠤᠷᠢᠳᠤᠯᠭ᠎ᠠ ᠲᠤᠤᠷ᠎ᠠ᠂ ᠰᠢᠨᠵᠢᠯᠡᠬᠦ ᠤᠬᠠᠭᠠᠨᠴᠢ ᠬᠦᠭᠵᠢᠯᠲᠡ  ᠶᠢᠨ ᠦᠵᠡᠯᠲᠡ  ᠪᠠᠷ ᠪᠦᠬᠦ ᠲᠠᠯ᠎ᠠ  ᠶᠢ ᠬᠠᠮᠤᠷᠴᠤ᠂ ᠪᠦᠬᠦ ᠬᠤᠲᠠ  ᠶᠢᠨ ᠦᠨᠳᠦᠰᠦᠲᠡᠨ ᠨᠦᠭᠦᠳ  ᠤᠨ ᠺᠠᠳ᠋ᠷ ᠤᠯᠠᠨ ᠲᠦᠮᠡᠨ ᠲᠠᠢ ᠨᠢᠭᠲᠠ ᠪᠦᠯᠬᠦᠮᠳᠡᠨ ᠲᠦᠰᠢᠭᠯᠡᠯᠴᠡᠵᠤ᠂ ᠬᠤᠷᠸ᠎ᠠ ᠪᠠᠶᠢᠳᠠᠯ  ᠤᠨ ᠬᠦᠭᠵᠢᠯᠲᠡ ᠬᠤᠪᠢᠷᠠᠯᠲᠠ  ᠶᠢ ᠢᠳᠡᠪᠬᠢᠲᠠᠢ ᠠᠷᠭᠠᠴᠠᠨ᠂  ᠤᠷᠤᠭᠰᠢᠯᠠᠨ ᠲᠠᠪᠰᠢᠬᠤ ᠶᠠᠪᠤᠴᠠ ᠳᠤ ᠣᠴᠠᠷᠠᠭᠰᠠᠨ ᠬᠦᠴᠢᠷᠳᠡᠯ ᠪᠠ ᠠᠰᠠᠭᠤᠳᠠᠯ ᠢ ᠪᠦᠲᠦᠮᠵᠢᠲᠠᠢ ᠰᠢᠢᠳᠪᠦᠷᠢᠯᠡᠵᠤ᠂ ᠪᠦᠬᠦ ᠬᠤᠲᠠ  ᠶᠢᠨ ᠠᠵᠤ ᠠᠬᠤᠢ ᠨᠡᠶᠢᠬᠡᠮ  ᠤᠨ ᠬᠦᠭᠵᠢᠯᠲᠡ ᠰᠢᠨ᠎ᠡ ᠠᠮᠵᠢᠯᠲᠠ ᠤᠯᠪᠠ᠃      —  ᠠᠵᠤ ᠠᠬᠤᠢ ᠦᠷᠬᠦᠯᠵᠢᠯᠡᠨ ᠲᠦᠷᠭᠡᠨ  ᠢᠶᠠᠷ ᠬᠦᠭᠵᠢᠪᠡ᠃ ᠡᠯ᠎ᠡ ᠵᠦᠢᠯ  ᠤᠨ ᠬᠦᠴᠢᠷᠳᠡᠯ ᠢᠯᠠᠩᠭᠤᠶ᠎ᠠ ᠤᠯᠠᠨ ᠤᠯᠤᠰ  ᠤᠨ ᠮᠦᠩᠬᠦᠨ ᠬᠦᠢᠯᠭᠡᠭᠡᠨ  ᠤ ᠬᠢᠮᠤᠷᠠᠯ  ᠤᠨ ᠨᠦᠯᠦᠬᠡᠯᠡᠯ ᠲᠤᠤᠷ᠎ᠠ᠂ ᠪᠦᠬᠦ ᠬᠤᠲᠠ  ᠶᠢᠨ ᠠᠵᠤ ᠠᠬᠤᠢ ᠰᠠᠶᠢᠨ ᠮᠦᠷᠳᠡᠬᠡᠨ ᠲᠦᠷᠭᠡᠨ ᠬᠦᠭᠵᠢᠯᠲᠡ  ᠶᠢᠨ ᠪᠠᠶᠢᠳᠠᠯ ᠢᠶᠠᠨ ᠦᠷᠭᠦᠯᠵᠢᠯᠡᠨ ᠬᠠᠳᠠᠭᠠᠯᠠᠭᠰᠠᠨ ᠪᠠᠶᠢᠨ᠎ᠠ᠃ ᠭᠠᠵᠠᠷ ᠤᠷᠤᠨ  ᠤ ᠦᠢᠯᠡᠳᠪᠦᠷᠢᠯᠡᠯ  ᠤᠨ ᠶᠡᠷᠦᠩᠬᠡᠢ ᠦᠷᠳᠡᠭ  ᠢ 1560 ᠳ᠋ᠦᠩᠰᠢᠭᠤᠷ ᠲᠦᠬᠦᠷᠢᠭ ᠪᠡᠶᠡᠯᠡᠬᠦᠯᠬᠦ ᠎ ᠪᠠᠷ ᠲᠦᠯᠦᠪᠯᠡᠵᠤ᠂ 22.5% ᠨᠡᠮᠡᠭᠳᠡᠪᠡ᠂ ᠡᠬᠦᠨ  ᠳᠤ ᠨᠢᠭᠡᠳᠦᠭᠡᠷ ᠠᠵᠤ ᠦᠢᠯᠡᠰ  ᠤᠨ ᠨᠡᠮᠡᠭᠳᠡᠯ ᠦᠷᠳᠡᠭ ᠨᠢ 50 ᠳ᠋ᠦᠩᠰᠢᠭᠤᠷ ᠲᠦᠬᠦᠷᠢᠭ ᠲᠤ ᠬᠦᠷᠴᠦ᠂ 2.7% ᠨᠡᠮᠡᠭᠳᠡᠭᠰᠡᠨ ᠪᠠᠶᠢᠨ᠎ᠠ︔  ᠬᠤᠶᠠᠳᠣᠭᠠᠷ ᠠᠵᠤ ᠦᠢᠯᠡᠰ  ᠤᠨ ᠨᠡᠮᠡᠭᠳᠡᠯ ᠦᠷᠳᠡᠭ ᠨᠢ 910 ᠳ᠋ᠦᠩᠰᠢᠭᠤᠷ ᠲᠦᠬᠦᠷᠢᠭ  ᠲᠤ ᠬᠦᠷᠴᠦ  ᠂ 24% ᠨᠡᠮᠡᠭᠳᠡᠪᠡ︔ ᠭᠤᠷᠪᠠᠳᠣᠭᠠᠷ ᠠᠵᠤ ᠦᠢᠯᠡᠰ  ᠤᠨ ᠨᠡᠮᠡᠭᠳᠡᠯ ᠦᠷᠳᠡᠭ ᠨᠢ 600 ᠳ᠋ᠦᠩᠰᠢᠭᠤᠷ ᠲᠦᠬᠦᠷᠢᠭ  ᠲᠤ ᠭᠦᠷᠴᠦ᠂ 22.5% ᠨᠡᠮᠡᠭᠳᠡᠭᠰᠡᠨ ᠪᠠᠶᠢᠨ᠎ᠠ᠃ ᠡᠳ᠋  ᠤᠨ ᠵᠠᠰᠠᠭ  ᠤᠨ ᠤᠷᠤᠯᠭ᠎ᠠ ᠨᠢ 265 ᠳ᠋ᠦᠩᠰᠢᠭᠤᠷ ᠲᠦᠬᠦᠷᠢᠭ  ᠲᠤ ᠬᠦᠷᠴᠦ᠂ 50.8% ᠨᠡᠮᠡᠭᠳᠡᠪᠡ᠂ ᠡᠬᠦᠨ  ᠳᠤ ᠡᠩ  ᠤᠨ ᠲᠦᠰᠦᠪ  ᠤᠨ ᠤᠷᠤᠯᠭ᠎ᠠ 118 ᠳ᠋ᠦᠩᠰᠢᠭᠤᠷ ᠲᠦᠬᠦᠷᠢᠭ  ᠲᠤ ᠭᠦᠷᠴᠦ᠂ 53.4% ᠎ ᠪᠠᠷ ᠨᠡᠮᠡᠭᠳᠡᠪᠡ᠃ ᠲᠤᠭᠳᠠᠮᠠᠯ ᠬᠦᠷᠦᠩᠬᠡ  ᠶᠢᠨ ᠪᠡᠯᠡ ᠤᠷᠤᠭᠤᠯᠤᠯᠲᠠ ᠨᠢ ᠮᠢᠩᠭᠠᠨ ᠳ᠋ᠦᠩᠰᠢᠭᠤᠷ ᠲᠦᠭᠦᠷᠢᠭ  ᠤᠨ ᠶᠡᠭᠡ ᠪᠤᠭᠤᠮᠳᠠ  ᠶᠢ ᠲᠠᠪᠠᠵᠤ᠂ 1070.2 ᠳ᠋ᠦᠩᠰᠢᠭᠤᠷ ᠲᠦᠬᠦᠷᠢᠭ  ᠲᠤ ᠬᠦᠷᠴᠦ᠂ 24.2% ᠎ ᠢᠶᠠᠷ ᠨᠡᠮᠡᠭᠳᠡᠭᠰᠡ ᠪᠠᠶᠢᠨ᠎ᠠ᠃      —  ᠪᠦᠲᠦᠴᠡ  ᠶᠢᠨ ᠲᠤᠬᠢᠷᠠᠭᠤᠯᠤᠯᠲᠠ  ᠶᠢ ᠢᠳᠡᠪᠬᠢᠲᠠᠢ ᠲᠦᠯᠬᠢᠨ ᠠᠬᠢᠭᠤᠯᠪᠠ᠃ ᠭᠤᠷᠪᠠᠨ ᠠᠵᠤ ᠦᠢᠯᠡᠰ  ᠤᠨ ᠬᠠᠷᠢᠴᠠᠯ ᠨᠢ 3.2᠄ 58.3᠄ 38.5 ᠪᠠᠶᠢᠵᠤ᠂ ᠡᠬᠢ ᠪᠠᠶᠠᠯᠢᠭ  ᠤᠨ ᠪᠤᠰᠣ ᠴᠢᠨᠠᠷᠲᠠᠢ ᠠᠵᠤ ᠦᠢᠯᠡᠰ᠂ ᠡᠷᠬᠢᠯᠲᠡᠲᠦ ᠠᠵᠤ ᠠᠬᠤᠢ ᠪᠠ ᠦᠢᠯᠡᠴᠢᠯᠡᠭᠡᠨ  ᠤ ᠦᠢᠯᠡᠰ  ᠢ ᠶᠡᠬᠡᠪᠡᠷ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ  ᠤᠨ ᠰᠢᠨ᠎ᠡ  ᠶᠢ ᠡᠬᠦᠳᠭᠦ ᠴᠢᠳᠠᠪᠤᠷᠢ ᠲᠦᠷᠭᠡᠭᠡᠨ  ᠲᠡᠭᠡᠭᠰᠢᠯᠡᠵᠤ᠂ ᠠᠵᠤ ᠠᠬᠤᠢ  ᠶᠢᠨ ᠬᠦᠭᠵᠢᠯᠲᠡ  ᠶᠢᠨ ᠵᠤᠬᠢᠴᠠᠩᠭᠤᠢ ᠴᠢᠨᠠᠷ᠂ ᠦᠷᠭᠦᠯᠵᠢᠯᠡᠭᠰᠡᠨ ᠴᠢᠨᠠᠷ ᠲᠠᠰᠣᠷᠠᠯᠲᠠ ᠦᠬᠡᠢ ᠴᠢᠩᠭᠠᠷᠠᠪᠠ᠃      —  ᠭᠠᠵᠠᠷ ᠤᠷᠤᠨ  ᠤ ᠪᠤᠲᠠᠲᠤ ᠬᠦᠴᠦᠨ ᠲᠠᠰᠣᠷᠠᠯᠲᠠ ᠦᠬᠡᠢ ᠲᠡᠭᠡᠭᠰᠢᠯᠡᠪᠡ᠃ ᠠᠵᠤ ᠠᠬᠤᠢ  ᠶᠢᠨ ᠶᠡᠷᠦᠩᠬᠡᠢ ᠬᠡᠮᠵᠢᠶ᠎ᠡ  ᠶᠢ ᠲᠠᠰᠤᠷᠠᠯᠲᠠ ᠦᠬᠡᠢ ᠶᠡᠬᠡᠰᠭᠡᠵᠤ᠂ ᠶᠠᠰᠣ ᠴᠢᠨᠠᠷ  ᠢ ᠲᠠᠰᠣᠷᠠᠯᠲᠠ ᠦᠬᠡᠢ ᠲᠡᠭᠡᠭᠰᠢᠯᠡᠬᠦᠯᠦᠨ ᠲᠦᠭᠰᠢᠬᠦᠷᠢ  ᠶᠢ ᠡᠰᠡᠷᠭᠦᠴᠡᠬᠦ ᠴᠢᠳᠠᠪᠤᠷᠢ ᠮᠡᠳᠡᠭᠳᠡᠭᠦᠶᠢᠴᠡ ᠴᠢᠩᠭᠠᠷᠠᠪᠠ᠃ ᠭᠠᠵᠠᠷ ᠤᠷᠤᠨ ᠎ ᠤ ᠵᠦᠬᠡᠯᠡᠨ ᠪᠤᠲᠠᠲᠤ ᠬᠦᠴᠦᠨ ᠴᠢᠨᠠᠭᠰᠢᠲᠠ ᠲᠡᠭᠡᠭᠰᠢᠯᠡᠵᠤ᠂ ᠪᠦᠬᠦ ᠤᠯᠤᠰ  ᠤᠨ ᠪᠤᠯᠪᠠᠰᠣᠨ ᠬᠤᠲᠠ  ᠶᠢ ᠡᠬᠦᠳᠦᠨ ᠪᠠᠶᠢᠭᠤᠯᠬᠤ ᠲᠡᠷᠢᠬᠦᠨ  ᠤ ᠠᠵᠢᠯ  ᠤᠨ ᠬᠤᠲᠠ ᠪᠠ ᠲᠤᠮᠳᠠᠳᠣ ᠣᠯᠣᠰ  ᠤᠨ ᠬᠤᠲᠠ  ᠶᠢᠨ ᠶᠡᠷᠦᠩᠬᠡᠶᠢᠯᠡᠭᠰᠡᠨ ᠰᠢᠨ᠎ᠡ  ᠶᠢ ᠡᠬᠦᠳᠭᠦ ᠴᠢᠳᠠᠪᠤᠷᠢ  ᠶᠢᠨ 50 ᠬᠦᠴᠦᠷᠭᠡᠭ ᠤᠨ ᠡᠩᠨᠡᠬᠡᠨ  ᠳᠤ ᠤᠷᠤᠵᠤ᠂ ᠲᠤᠮᠳᠠᠳᠣ ᠣᠯᠣᠰ  ᠤᠨ ᠬᠠᠮᠤᠭ  ᠤᠨ ᠠᠮᠤᠷ ᠲᠦᠪᠰᠢᠨ ᠬᠤᠲᠠ  ᠶᠢᠨ ᠢᠷᠠᠭᠤ ᠠᠯᠳᠠᠷ ᠪᠠ ᠲᠤᠮᠳᠠᠳᠣ  ᠶᠢᠨ ᠪᠤᠤ ᠭᠠᠩ ᠤᠷᠴᠢᠨ ᠲᠤᠭᠤᠷᠢᠨ  ᠤ ᠰᠢᠯᠢᠳᠡᠭ ᠱᠠᠩᠨᠠᠯ ᠬᠦᠷᠳᠡᠪᠡ᠂ ᠢᠯᠠᠩᠭᠤᠶ᠎ᠠ ︽ᠤᠷᠳᠤᠰ  ᠤᠨ ᠬᠦᠭᠵᠢᠯᠲᠡ ᠶᠢᠨ ᠵᠠᠭᠪᠤᠷ︾ ᠎ ᠢ ᠲᠦᠪ ᠪᠠ ᠦᠪᠡᠷᠳᠡᠭᠡᠨ ᠵᠠᠰᠠᠬᠤ ᠤᠷᠤᠨ  ᠠᠴᠠ ᠬᠦᠢᠴᠡᠳ ᠨᠤᠲᠠᠯᠠᠨ ᠲᠡᠭᠡᠳᠦ ᠬᠡᠮᠵᠢᠶ᠎ᠡ  ᠪᠠᠷ ᠴᠢᠬᠤᠯᠠᠴᠢᠯᠠᠨ ᠦᠵᠡᠵᠤ᠂ ᠪᠦᠬᠦ ᠤᠯᠤᠰ  ᠲᠤ ᠣᠬᠠᠭᠤᠯᠤᠨ ᠲᠡᠯᠭᠡᠷᠡᠭᠦᠯᠵᠤ᠂ ᠦᠬᠡᠷᠡᠴᠢᠯᠡᠯᠲᠡ ᠨᠡᠭᠡᠭᠡᠯᠲᠡ ᠬᠢᠭᠰᠡᠨ ᠭᠤᠴᠢᠨ ᠵᠢᠯ  ᠤᠨ ᠪᠦᠬᠦ ᠤᠯᠤᠰ  ᠤᠨ ᠠᠷᠪᠠᠨ ᠨᠠᠢᠮᠠᠨ ᠨᠡᠶᠢᠲᠡᠯᠢᠭ ᠭᠠᠵᠠᠷ ᠤᠷᠤᠨ  ᠤ ᠨᠢᠬᠡ ᠨᠢ ᠪᠤᠯᠵᠤ᠂ ᠬᠤᠲᠠ  ᠶᠢᠨ ᠨᠡᠷ᠎ᠡ ᠮᠡᠳᠡᠴᠡ  ᠶᠢᠨ ᠬᠡᠮᠵᠢᠶ᠎ᠡ ᠪᠠ ᠨᠦᠯᠦᠬᠡᠯᠡᠬᠦ ᠬᠦᠴᠦᠨ ᠴᠢᠨᠠᠭᠰᠢᠲᠠ ᠥᠷᠬᠡᠳᠴᠤ᠂ ᠭᠠᠵᠠᠷ ᠤᠷᠤᠨ  ᠤ ᠬᠦᠴᠦᠨ ᠵᠦᠢᠯ  ᠤᠨ ᠲᠦᠪᠯᠡᠷᠡᠯ  ᠤᠨ ᠴᠢᠳᠠᠪᠤᠷᠢ ᠶᠡᠬᠡᠪᠡᠷ ᠲᠡᠭᠡᠭᠰᠢᠯᠡᠪᠡ᠃      — ᠠᠷᠠᠳ  ᠤᠯᠠᠨ ᠨᠡᠩ  ᠠᠷᠪᠢᠨ ᠪᠤᠲᠠᠲᠤ ᠠᠰᠢᠭ ᠭᠦᠷᠳᠡᠪᠡ᠃ ᠪᠦᠬᠦ ᠤᠷᠤᠨ  ᠳᠤ ᠬᠤᠲᠠ ᠭᠦᠳᠡᠭᠡ  ᠶᠢᠨ ᠰᠠᠭᠤᠭᠠᠯᠢ ᠠᠷᠠᠳ  ᠤᠨ ᠦᠨᠳᠦᠰᠦᠨ ᠨᠠᠰᠣᠵᠢᠯ  ᠤᠨ ᠲᠠᠭᠠᠳᠬᠠᠯ  ᠤᠨ ᠲᠦᠷᠢᠮ  ᠢ ᠲᠡᠷᠢᠬᠦᠯᠠᠨ ᠪᠦᠬᠦ ᠲᠠᠯ᠎ᠠ  ᠪᠠᠷ ᠲᠡᠯᠭᠡᠷᠡᠭᠦᠯᠵᠤ᠂ ᠪᠦᠬᠦ ᠬᠤᠲᠠ  ᠶᠢᠨ ᠡᠳ᠋  ᠤᠨ ᠵᠠᠰᠠᠭ  ᠠᠴᠠ ᠭᠠᠷᠭᠠᠬᠤ ᠺᠠᠳ᠋ᠷ ᠠᠵᠢᠯᠲᠠᠨ  ᠤ ᠨᠡᠮᠡᠭᠦᠷᠢ ᠵᠤᠭᠤᠰ ᠨᠦᠬᠦᠪᠦᠷᠢ ᠮᠦᠩᠬᠦ ᠨᠢ ᠬᠤᠲᠠ ᠭᠦᠳᠡᠭᠡ ᠠᠳᠠᠯᠢ ᠪᠠᠶᠢᠬᠤ  ᠶᠢ ᠪᠡᠶᠡᠯᠡᠬᠦᠯᠵᠤ᠂ ᠬᠤᠲᠠ ᠪᠠᠯᠭᠠᠰᠣᠨ  ᠤ ᠰᠠᠭᠤᠭᠠᠯᠢ ᠠᠷᠠᠳ  ᠤᠨ ᠬᠦᠮᠦᠨ ᠲᠤᠮᠳᠠᠴᠢ ᠲᠤᠬᠢᠷᠠᠭᠤᠯᠵᠤ ᠪᠤᠯᠬᠤ ᠤᠷᠤᠯᠭ᠎ᠠ 19435 ᠲᠦᠬᠦᠷᠢᠭ  ᠲᠤ ᠭᠦᠷᠴᠦ᠂ 19.8% ᠨᠡᠮᠡᠭᠳᠡᠪᠡ︔ ᠮᠠᠯᠴᠢᠨ ᠲᠠᠷᠢᠶᠠᠴᠢᠳ  ᠤᠨ ᠬᠦᠮᠦᠨ ᠲᠤᠮᠳᠠᠴᠢ ᠴᠡᠪᠡᠷ ᠤᠷᠤᠯᠭ᠎ᠠ 7052 ᠲᠦᠬᠦᠷᠢᠭ  ᠲᠤ ᠬᠦᠷᠴᠦ᠂ 15.2% ᠨᠡᠮᠡᠭᠳᠡᠭᠰᠡᠨ ᠪᠠᠶᠢᠨ᠎ᠠ᠃ ᠬᠤᠲᠠ ᠭᠦᠳᠡᠭᠡ  ᠶᠢᠨ ᠡᠩᠭᠧᠯ ᠤᠨ ᠲᠤᠭ᠎ᠠ ᠲᠤᠷᠤᠭᠰᠢᠯᠠᠭᠠᠳ 0.25 ᠪᠠ 0.33 ᠪᠤᠯᠵᠤ᠂ ᠠᠷᠠᠳ  ᠤᠨ ᠠᠮᠢᠲᠤᠷᠠᠯ ᠨᠡᠩ ᠴᠢᠨᠡᠭᠡᠯᠢᠭᠵᠢᠪᠡ᠃      ᠨᠢᠬᠡ ᠵᠢᠯ  ᠤᠨ ᠲᠤᠷᠰᠢ᠂ ᠪᠢᠳᠡ ᠭᠤᠤᠯᠳᠠᠭᠤ ᠲᠤᠤᠷᠠᠬᠢ ᠬᠡᠳᠦᠨ ᠲᠠᠯ᠎ᠠ  ᠶᠢᠨ ᠠᠵᠢᠯ  ᠢ ᠠᠳᠬᠤᠪᠠ᠄      ︵ᠨᠢᠬᠡ︶ ᠰᠢᠨᠵᠢᠯᠡᠬᠦ ᠤᠬᠠᠭᠠᠨᠴᠢ  ᠪᠠᠷ ᠬᠦᠭᠵᠢᠬᠦᠯᠬᠦ ᠶᠢ ᠪᠠᠷᠢᠮᠲᠠᠯᠠᠵᠤ᠂ ᠠᠵᠤ ᠦᠢᠯᠡᠰ  ᠤᠨ ᠲᠡᠰ ᠲᠠᠪᠬᠤᠷᠭ᠎ᠠ ᠪᠠ ᠭᠡᠪ ᠴᠢᠨᠠᠷ  ᠢ ᠴᠢᠷᠮᠠᠶᠢᠨ ᠲᠡᠭᠡᠭᠰᠢᠯᠡᠬᠦᠯᠪᠡ᠃ ᠲᠠᠷᠢᠶᠠᠯᠠᠩ ᠮᠠᠯ ᠠᠵᠤ ᠠᠬᠤᠢ ᠶᠢᠨ  ᠬᠡᠪᠴᠢᠶᠠᠵᠢᠭ᠍ᠰᠡᠨ᠂ ᠣᠳᠣᠬᠢᠴᠢᠯᠠᠭᠰᠠᠨ ᠠᠬᠢᠴᠠ ᠲᠦᠷᠭᠡᠰᠴᠦ᠂ ᠤᠳᠤ ᠦᠶ᠎ᠡ  ᠶᠢᠨ ᠲᠠᠷᠢᠶᠠᠯᠠᠩ  ᠤᠨ ᠰᠠᠭᠤᠷᠢᠨ ᠭᠠᠵᠠᠷ  ᠢ 33.4 ᠲᠦᠮᠡᠨ ᠮᠤ᠋ ᠰᠢᠨ᠎ᠡ  ᠪᠠᠷ ᠨᠡᠮᠡᠭᠳᠡᠭᠦᠯᠵᠤ᠂ 1.5 ᠲᠦᠮᠡᠨ ᠮᠤ᠋ ᠶᠢᠨ ︽ᠨᠠᠪᠴᠢ ᠨᠤᠭᠤᠭᠠᠨ ᠤ ᠰᠠᠭᠰᠤ︾ ᠎ ᠶᠢᠨ ᠰᠠᠭᠤᠷᠢᠨ ᠭᠠᠵᠠᠷ ᠪᠠ 25 ᠪᠠᠷᠢᠮᠵᠢᠶᠠᠵᠢᠭᠰᠠᠨ ᠲᠡᠵᠢᠬᠡᠪᠦᠷᠢ  ᠶᠢᠨ ᠬᠦᠷᠢᠶᠡᠯᠡᠩ ᠲᠤᠭᠤᠷᠢᠭ  ᠢ ᠪᠠᠶᠢᠭᠤᠯᠵᠤ ᠲᠠᠭᠤᠰᠬᠠᠪᠠ᠃ ᠣᠯᠣᠰ  ᠤᠨ ᠰᠢᠨ᠎ᠡ ᠮᠠᠶ᠋ᠢᠭ ᠤᠨ ᠡᠨᠧᠷᠬᠢ ᠪᠤᠯᠤᠨ ᠠᠵᠤ ᠦᠢᠯᠡᠳᠪᠦᠷᠢ ᠶᠢᠨ ᠰᠠᠭᠤᠷᠢᠨ ᠭᠠᠵᠠᠷ  ᠤᠨ ᠡᠷᠴᠢᠮᠵᠢᠵᠤ ᠲᠦᠪᠯᠡᠷᠡᠭᠰᠡᠨ ᠬᠡᠮᠵᠢᠶ᠎ᠡ ᠴᠢᠨᠠᠭᠰᠢᠲᠠ ᠲᠡᠭᠡᠭᠰᠢᠯᠡᠵᠤ᠂ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ  ᠶᠢᠨ ᠨᠡᠮᠡᠭᠳᠡᠯ ᠦᠷᠳᠡᠭ  ᠢ 748 ᠳ᠋ᠦᠩᠰᠢᠭᠤᠷ ᠲᠦᠬᠦᠷᠢᠭ ᠪᠡᠶᠡᠯᠡᠬᠦᠯᠵᠤ᠂ 29.3% ᠨᠡᠮᠡᠭᠳᠡᠭᠦᠯᠪᠡ᠂ ᠡᠬᠦᠨ  ᠳᠤ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ  ᠤᠨ ᠪᠡᠶᠡᠯᠡᠬᠦᠯᠦᠭᠰᠡᠨ ᠨᠡᠮᠡᠭᠳᠡᠯ ᠦᠷᠳᠡᠭ ᠨᠢ 292 ᠳ᠋ᠦᠩᠰᠢᠭᠤᠷ ᠲᠦᠬᠦᠷᠢᠭ  ᠲᠤ ᠬᠦᠷᠴᠦ᠂ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ  ᠶᠢᠨ ᠨᠡᠮᠡᠭᠳᠡᠯ ᠦᠷᠳᠡᠭ  ᠤᠨ 39% ᠎ ᠶᠢ ᠡᠵᠡᠯᠡᠪᠡ᠃ ᠤᠷᠳᠣᠰ ᠢᠮᠠᠭᠠᠨ ᠨᠤᠯᠤᠤᠷ  ᠤᠨ ᠲᠤᠮᠤ ᠬᠢᠮᠢ  ᠶᠢᠨ ᠪᠤᠷᠳᠤᠭᠤᠷ᠂ ᠵᠡᠬᠦᠨᠭᠠᠷ ᠡᠨᠧᠷᠬᠢ ᠎ ᠶᠢᠨ ᠬᠠᠷᠬᠤᠰᠣ ᠵᠠᠳᠠᠭᠠᠢ ᠨᠡᠭᠦᠷᠡᠰᠦᠨ ᠠᠭᠤᠷᠬᠠᠢ᠂ ᠰᠢᠩ ᠰᠢᠩ ᠡᠨᠧᠷᠬᠢ  ᠶᠢᠨ ᠪᠠᠶᠢᠭᠠᠯᠢ  ᠶᠢᠨ ᠰᠢᠳᠠᠮᠠᠬᠠᠢ ᠭᠡᠢ ᠶᠢ ᠰᠢᠩᠬᠡᠨᠵᠢᠬᠦᠯᠬᠦ ᠵᠡᠷᠭᠡ ᠲᠦᠷᠦᠯ ᠵᠦᠢᠯ ᠢ ᠪᠠᠶᠢᠭᠤᠯᠵᠤ ᠠᠰᠢᠭᠯᠠᠯᠲᠠ  ᠳᠤ ᠤᠷᠤᠭᠤᠯᠤᠨ᠂ ᠠᠵᠤ ᠠᠬᠤᠢ  ᠶᠢᠨ ᠰᠢᠨ᠎ᠡ ᠨᠡᠮᠡᠭᠳᠡᠯ ᠴᠢᠭ  ᠢ ᠪᠤᠢ ᠪᠤᠯᠭᠠᠪᠠ᠃ ᠱᠧᠨ ᠬᠤᠸᠠ  ᠶᠢᠨ ᠨᠡᠭᠦᠷᠡᠰᠦ  ᠶᠢ ᠰᠢᠭᠤᠳ ᠲᠤᠰᠤ ᠪᠤᠯᠭᠠᠬᠤ ᠲᠦᠷᠦᠯ ᠵᠦᠢᠯ ᠠᠮᠵᠢᠯᠲᠠ ᠤᠯᠤᠭᠰᠠᠨ ᠪᠠ ᠢ ᠲᠠᠢ  ᠶᠢᠨ ᠨᠡᠭᠦᠷᠡᠰᠦ  ᠶᠢ ᠲᠠᠮ  ᠢᠶᠠᠷ ᠲᠤᠰᠤ ᠪᠤᠯᠭᠠᠬᠤ ᠲᠦᠷᠦᠯ ᠵᠦᠢᠯ ᠤᠨ ᠭᠤᠤᠯ ᠲᠦᠬᠦᠬᠡᠷᠦᠮᠵᠢ ᠠᠵᠢᠯᠯᠠᠵᠤ ᠡᠬᠢᠯᠡᠭᠰᠡᠨ ᠨᠢ ᠮᠠᠨ  ᠤ ᠬᠤᠲᠠ  ᠶᠢᠨ ᠬᠢᠮᠢ  ᠶᠢᠨ ᠠᠵᠤ ᠦᠢᠯᠡᠳᠪᠦᠷᠢ  ᠶᠢᠨ ᠠᠵᠤ ᠦᠢᠯᠡᠰ  ᠤᠨ ᠲᠡᠭᠡᠳᠦ ᠵᠡᠷᠭᠡᠰᠢᠭᠰᠡᠨ ᠬᠦᠭᠵᠢᠯᠲᠡ ᠴᠢᠬᠤᠯᠠ ᠶᠡᠭᠡ ᠰᠢᠪᠲᠤᠯᠤᠯᠲᠠ ᠲᠠᠢ ᠪᠤᠯᠤᠭᠰᠠᠨ ᠢ ᠭᠡᠷᠡᠴᠢᠯᠡᠵᠤ ᠪᠠᠶᠢᠭ᠎ᠠ ᠶᠤᠮ᠃ ᠭᠤᠷᠪᠠᠳᠤᠭᠠᠷ ᠠᠵᠤ ᠦᠢᠯᠡᠰ  ᠢ ᠨᠢᠬᠡ᠂ ᠬᠤᠶᠠᠳᠣᠭᠠᠷ ᠠᠵᠤ ᠦᠢᠯᠡᠰ ᠯᠦᠭᠡ  ᠨᠡᠶᠢᠯᠡᠬᠦᠯᠦᠨ ᠲᠦᠭᠦᠷᠵᠢᠬᠦᠯᠬᠦ ᠴᠢᠳᠠᠪᠤᠷᠢ ᠴᠢᠨᠠᠭᠰᠢᠲᠠ ᠴᠢᠩᠭᠠᠷᠠᠵᠤ᠂ ᠨᠡᠶᠢᠬᠡᠮ  ᠤᠨ ᠭᠡᠷᠡᠭᠯᠡᠬᠡᠨ  ᠤ ᠦᠢᠯᠡᠳᠬᠦᠨ  ᠤ ᠵᠢᠵᠢᠭᠯᠡᠨ ᠬᠤᠳᠠᠯᠳᠤᠬᠤ ᠪᠦᠬᠦ ᠲᠤᠭ᠎ᠠ 270 ᠳ᠋ᠦᠩᠰᠢᠭᠤᠷ ᠲᠦᠬᠦᠷᠢᠭ  ᠲᠤ ᠬᠦᠷᠴᠦ᠂ 23.7% ᠨᠡᠮᠡᠭᠳᠡᠪᠡ᠃ ᠬᠤᠳᠠᠯᠳᠣᠭᠠᠴᠢᠨ ᠤᠷᠢᠬᠤ ᠪᠠᠩᠬᠢ᠂ ᠰᠢᠤᠳᠠᠨ ᠬᠠᠳᠠᠭᠠᠯᠠᠮᠵᠢ  ᠶᠢᠨ ᠪᠠᠩᠬᠢ  ᠪᠠ ᠪᠤᠭᠤᠲᠤ  ᠶᠢᠨ ᠬᠤᠳᠠᠯᠳᠣᠭᠠᠨ ᠤ ᠪᠠᠩᠬᠢ ᠮᠠᠨ  ᠤ ᠬᠤᠲᠠ  ᠳᠤ ᠨᠤᠳᠤᠭᠰᠢᠵᠤ᠂ ᠲᠠᠯᠠᠳ  ᠤᠨ ᠲᠤᠰᠬᠤᠨ ᠪᠠᠯᠭᠠᠰᠣᠨ  ᠤ ᠪᠠᠩᠬᠢ ᠫᠠᠶᠢᠰᠠ ᠡᠯᠬᠦᠨ ᠡᠵᠡᠩᠨᠡᠯᠲᠡ ᠬᠢᠵᠤ᠂ 42 ᠪᠠᠭ᠎ᠠ ᠲᠤᠭᠠᠨ  ᠤ ᠵᠢᠬᠡᠯᠡᠯᠬᠡ ᠶᠢᠨ ᠺᠤᠮᠫᠠᠨᠢ ᠵᠦᠪᠰᠢᠶᠡᠷᠡᠭᠳᠡᠨ ᠪᠠᠶᠢᠭᠤᠯᠤᠭᠳᠠᠵᠤ᠂ ᠰᠢᠨ ᠳ᠋ᠠ ᠳ᠋ᠢ ᠪᠦᠯᠦᠭᠯᠡᠯ  ᠤᠨ ᠰᠲ᠋ᠤᠺ  ᠤᠨ ᠡᠷᠭᠡ ᠲᠢᠶᠠᠨᠵᠢᠨ  ᠤ ᠰᠲ᠋ᠣᠺ  ᠤᠨ ᠡᠷᠭᠡ  ᠶᠢᠨ ᠠᠷᠠᠯᠵᠢᠶᠠᠨ  ᠤ ᠭᠠᠵᠠᠷ  ᠲᠤ ᠵᠢᠩᠬᠢᠨᠢ  ᠪᠠᠷ ᠫᠠᠶᠢᠰᠠ ᠡᠯᠬᠦᠨ ᠠᠷᠠᠯᠵᠢᠶᠠᠯᠠᠭᠲᠠᠪᠠ᠃ ᠬᠤᠸᠠ ᠶᠠᠨ ᠪᠠᠷᠠᠭᠠᠨ ᠤ  ᠬᠦᠢᠯᠬᠡᠬᠡᠨ ᠤ ᠬᠦᠷᠢᠶᠡᠯᠡᠩ ᠲᠤᠭᠤᠷᠢᠭ᠂ ᠢ ᠰᠢᠩ ᠪᠠᠷᠢᠯᠭ᠎ᠠ  ᠶᠢᠨ ᠮᠠᠲ᠋ᠧᠷᠢᠶᠠᠯ  ᠤᠨ ᠪᠠᠷᠠᠭᠠᠨ  ᠤ ᠬᠦᠢᠯᠬᠡᠬᠡᠨ  ᠤ ᠬᠦᠷᠢᠶᠡᠯᠡᠩ ᠲᠤᠭᠤᠷᠢᠭ ᠵᠡᠷᠭᠡ ᠪᠠᠷᠠᠭᠠᠨ  ᠤ ᠬᠦᠢᠯᠭᠡᠭᠡᠨ ᠤ ᠲᠦᠷᠦᠯ ᠵᠦᠢᠯ  ᠢ ᠡᠬᠢᠯᠡᠨ ᠪᠠᠶᠢᠭᠤᠯᠵᠤ᠂  ᠭᠤᠤᠯᠳᠠᠯᠭᠠᠲᠤ ᠪᠠᠷᠠᠭᠠᠨ  ᠤ ᠬᠦᠢᠯᠬᠡᠬᠡᠨ  ᠤ ᠬᠦᠷᠢᠶᠡᠯᠡᠩ ᠲᠤᠭᠤᠷᠢᠭ  ᠢ ᠲᠦᠯᠦᠪᠵᠢᠬᠦᠯᠦᠨ ᠪᠠᠶᠢᠭᠤᠯᠬᠤ ᠠᠵᠢᠯ  ᠢ ᠪᠦᠬᠦ ᠲᠠᠯ᠎ᠠ ᠪᠠᠷ ᠡᠬᠢᠯᠡᠬᠦᠯᠪᠡ᠃  ᠪᠦᠬᠦ ᠵᠢᠯ  ᠳᠤ 498 ᠲᠦᠮᠡᠨ ᠬᠦᠮᠦᠨ ᠤᠳᠠᠭ᠎ᠠ  ᠶᠢᠨ ᠵᠤᠭᠠᠴᠠᠭᠰᠠᠳ  ᠢ  ᠬᠦᠯᠢᠶᠡᠨ ᠠᠪᠴᠦ᠂ 50.8 ᠳ᠋ᠦᠩᠰᠢᠭᠤᠷ ᠲᠦᠬᠦᠷᠢᠭ  ᠤᠨ ᠤᠷᠤᠯᠭ᠎ᠠ ᠤᠯᠵᠤ᠂ 13.7% ᠪᠠ 32.3% ᠨᠡᠮᠡᠭᠳᠡᠪᠡ᠃ ᠪᠤᠲᠠᠲᠠᠢ ᠤᠷᠤᠨᠵᠢᠭᠰᠠᠨ ᠤᠯᠤᠰ  ᠤᠨ ᠲᠤᠲᠤᠭᠠᠲᠤ  ᠶᠢᠨ ︵ᠤᠷᠤᠨ  ᠤ ᠭᠠᠳᠠᠨᠠᠬᠢ︶ ᠪᠡᠯᠡ ᠮᠦᠩᠬᠦ 350.8 ᠳ᠋ᠦᠩᠰᠢᠭᠤᠷ ᠲᠦᠬᠦᠷᠢᠭ  ᠲᠤ ᠬᠦᠷᠴᠦ᠂ ᠠᠰᠢᠭᠯᠠᠭᠰᠠᠨ ᠭᠠᠳᠠᠭᠠᠲᠤ ᠪᠡᠯᠡ ᠨᠢ 8.4 ᠳ᠋ᠦᠩᠰᠢᠭᠤᠷ ᠳ᠋ᠣᠯᠯᠠᠷ ᠎ ᠲᠤ ᠬᠦᠷᠴᠦ᠂ ᠲᠤᠰᠪᠤᠷᠢ 17.6% ᠪᠠ 20.7% ᠨᠡᠮᠡᠭᠳᠡᠨ᠂ ᠶᠡᠷᠦᠩᠬᠡᠢ ᠬᠡᠮᠵᠢᠶ᠎ᠡ ᠨᠢ ᠪᠦᠬᠦ ᠤᠷᠤᠨ ᠳᠠᠭᠠᠨ ᠲᠡᠷᠢᠬᠦᠯᠡᠪᠡ᠃ ᠭᠠᠳᠠᠭᠠᠳᠤ  ᠠᠴᠠ ᠤᠷᠤᠭᠤᠯᠵᠤ ᠭᠠᠳᠠᠭᠠᠲᠤ  ᠳᠤ ᠭᠠᠷᠭᠠᠭᠰᠠᠨ ᠪᠦᠬᠦ ᠲᠤᠭ᠎ᠠ ᠨᠢ 8.3 ᠳ᠋ᠦᠩᠰᠢᠭᠤᠷ ᠳ᠋ᠣᠯᠯᠠᠷ ᠲᠤ ᠬᠦᠷᠴᠦ᠂ 38% ᠨᠡᠮᠡᠭᠳᠡᠪᠡ᠃     ︵ᠬᠤᠶᠠᠷ︶ ᠨᠢᠬᠡᠳᠦᠯᠲᠠᠢ ᠲᠦᠯᠦᠪᠯᠡᠨ ᠬᠦᠭᠵᠢᠬᠦᠯᠬᠦ  ᠶᠢ ᠪᠠᠷᠢᠮᠲᠠᠯᠠᠵᠤ᠂ ᠪᠠᠭᠤᠷᠠᠢ ᠭᠤᠭᠴᠤᠭ᠎ᠠ  ᠪᠠᠨ ᠲᠠᠰᠣᠷᠠᠯᠲᠠ ᠦᠬᠡᠢ ᠰᠠᠶᠢᠵᠢᠷᠠᠭᠤᠯᠪᠠ᠃ ᠵᠡᠬᠦᠨ ᠪᠠᠷᠠᠭᠤᠨ ᠭᠡᠰᠡᠭ  ᠤᠨ ᠬᠤᠭᠤᠷᠤᠨᠳᠤᠬᠢ᠂ ᠬᠤᠲᠠ ᠬᠦᠳᠡᠭᠡ ᠶᠢᠨ ᠬᠤᠭᠤᠷᠤᠨᠳᠤᠬᠢ᠂ ᠠᠵᠤ ᠠᠬᠤᠢ ᠨᠡᠶᠢᠬᠡᠮ  ᠤᠨ ᠬᠤᠭᠤᠷᠤᠨᠳᠣᠬᠢ᠂ ᠠᠵᠤ ᠦᠢᠯᠡᠰ  ᠢ ᠪᠤᠶᠢᠵᠢᠭᠤᠯᠬᠤ ᠪᠠ ᠰᠠᠭᠤᠷᠢ ᠲᠦᠰᠢᠭ  ᠤᠨ ᠬᠤᠭᠤᠷᠤᠨᠳᠤᠬᠢ ᠵᠤᠬᠢᠴᠠᠩᠭᠤᠢ ᠬᠦᠭᠵᠢᠯᠲᠡ ᠶᠢ ᠨᠢᠭᠡᠳᠦᠯᠲᠠᠢ ᠲᠦᠯᠦᠪᠯᠡᠪᠡ᠃ ᠬᠠᠩᠬᠢᠨ ᠬᠤᠰᠢᠭᠤᠨ  ᠤ ᠱᠧᠨ ᠬᠤᠸᠠ ᠲᠠᠷᠢᠶᠠᠨᠭᠤᠤᠯ  ᠤᠨ 300 ᠲᠦᠮᠡᠨ ᠲᠤᠨ  ᠤ ᠠᠭᠤᠷᠬᠠᠢ  ᠶᠢᠨ ᠬᠤᠳᠳᠤᠭ  ᠢ ᠡᠬᠢᠯᠡᠨ ᠪᠠᠶᠢᠭᠤᠯᠵᠤ᠂ ᠱᠠᠩᠬᠠᠢ  ᠶᠢᠨ ᠰᠦᠮ᠎ᠡ ᠶᠢᠨ ᠨᠡᠭᠦᠷᠡᠰᠦ ᠬᠢᠮᠢ ᠎ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ  ᠢ ᠯᠠᠪᠳᠠᠭᠤᠨ ᠪᠠᠲᠤᠲᠠᠢ ᠠᠬᠢᠭᠤᠯᠵᠤ᠂ ᠪᠠᠷᠠᠭᠤᠨ ᠭᠡᠰᠡᠭ  ᠤᠨ ᠬᠤᠰᠢᠭᠤ ᠲᠤᠭᠤᠷᠢᠭ  ᠤᠨ ᠪᠡᠶ᠎ᠡ  ᠪᠠᠨ ᠲᠠᠭᠠᠭᠠᠵᠤ ᠬᠦᠭᠵᠢᠬᠦᠯᠬᠦ ᠴᠢᠳᠠᠪᠤᠷᠢ ᠲᠠᠰᠣᠷᠠᠯᠲᠠ ᠦᠬᠡᠢ ᠴᠢᠩᠭᠠᠷᠠᠪᠠ᠃ 98 ᠳ᠋ᠦᠩᠰᠢᠭᠤᠷ ᠲᠦᠬᠦᠷᠢᠭ  ᠤᠨ ᠪᠡᠯᠡ ᠤᠷᠤᠭᠤᠯᠤᠨ ᠬᠤᠲᠠ  ᠶᠢ ᠦᠬᠡᠷᠡᠴᠢᠯᠡᠨ ᠵᠠᠰᠠᠬᠤ ᠪᠠᠶᠢᠭᠤᠯᠤᠯᠲᠠ  ᠳᠤ ᠭᠡᠷᠡᠭᠯᠡᠵᠤ᠂ ᠬᠤᠲᠠ  ᠶᠢᠨ ᠭᠤᠤᠯ ᠲᠤᠭᠤᠷᠢᠭ᠂ ᠠᠵᠤ ᠦᠢᠯᠡᠰ  ᠤᠨ ᠴᠢᠬᠤᠯᠠ ᠪᠠᠯᠭᠠᠰᠣᠨ ᠤ ᠬᠦᠮᠦᠨ ᠠᠮᠠ ᠪᠠ ᠬᠦᠴᠦᠨ ᠵᠦᠢᠯ ᠎ ᠢ ᠲᠦᠪᠯᠡᠷᠡᠬᠦᠯᠬᠦ ᠴᠢᠳᠠᠪᠤᠷᠢ᠂ ᠲᠠᠶᠢᠴᠢᠯᠠᠨ ᠲᠠᠭᠠᠭᠤᠯᠬᠤ ᠴᠢᠳᠠᠪᠤᠷᠢ ᠴᠢᠨᠠᠭᠰᠢᠲᠠ ᠴᠢᠩᠭᠠᠷᠠᠵᠤ᠂ ᠬᠤᠲᠠ ᠪᠠᠯᠭᠠᠰᠣᠵᠢᠭᠰᠠᠨ ᠨᠤᠷᠮ᠎ᠠ 65%᠎ ᠲᠤ ᠬᠦᠷᠴᠦ᠂ ᠵᠠᠭᠤᠨ  ᠤ ᠬᠤᠪᠢ  ᠶᠢᠨ ᠬᠠᠷᠢᠴᠠᠯ ᠢᠶᠠᠷ 4 ᠲᠡᠭᠡᠭᠰᠢᠯᠡᠭᠰᠡᠨ ᠪᠠᠶᠢᠨ᠎ᠠ᠃ ᠮᠠᠯᠴᠢᠨ ᠲᠠᠷᠢᠶᠠᠴᠢᠳ ᠬᠤᠲᠠ ᠤᠷᠤᠵᠤ ᠰᠠᠭᠤᠬᠤ᠂ ᠠᠵᠢᠯ ᠤᠯᠬᠤ᠂ ᠨᠡᠶᠢᠬᠡᠮ  ᠤᠨ ᠲᠠᠭᠠᠳᠬᠠᠯ  ᠳᠤ ᠤᠷᠤᠯᠴᠠᠬᠤ ᠵᠡᠷᠭᠡ ᠠᠯᠢ ᠤᠯᠠᠨ ᠲᠦᠷᠦ  ᠶᠢᠨ ᠪᠤᠳᠤᠯᠭ᠎ᠠ ᠠᠷᠭ᠎ᠠ ᠭᠡᠮᠵᠢᠶ᠎ᠡ ᠶᠢ ᠨᠠᠶᠢᠲᠠᠪᠤᠷᠢᠵᠢᠭᠤᠯᠵᠤ᠂ ᠠᠮᠢ ᠠᠬᠤᠢ  ᠶᠢᠨ ᠠᠷᠠᠳ ᠢ ᠨᠡᠬᠦᠯᠬᠡᠬᠦ ᠵᠡᠷᠭᠡ ᠭᠤᠤᠯᠳᠠᠯᠭ᠎ᠠ ᠲᠠᠢ ᠢᠨᠵᠧᠨᠧᠷᠢᠩ ᠢ ᠲᠦᠯᠬᠢᠨ ᠠᠬᠢᠭᠤᠯᠵᠤ᠂ ᠮᠠᠯᠴᠢᠨ ᠲᠡᠷᠢᠶᠠᠴᠢᠳ ᠢ ᠲᠠᠶᠢᠴᠢᠯᠠᠨ 4 ᠲᠦᠮᠡᠨ ᠬᠦᠮᠦᠨ  ᠢ ᠰᠢᠯᠵᠢᠬᠦᠯᠪᠡ᠃ 23 ᠲᠤᠮᠳᠠ ᠪᠠᠭ᠎ᠠ ᠰᠣᠷᠭᠠᠭᠤᠯᠢ᠂ ᠭᠡᠤᠭᠡᠳ  ᠤᠨ ᠴᠡᠴᠡᠷᠯᠢᠭ  ᠢ ᠡᠬᠢᠯᠡᠬᠦᠯᠦᠨ ᠪᠠᠶᠢᠭᠤᠯᠵᠤ᠂ 8᠎ ᠨᠢ ᠠᠰᠢᠭᠯᠠᠯᠳᠠ ᠳᠤ ᠤᠷᠤᠵᠤ ᠬᠡᠷᠡᠭᠯᠡᠭᠳᠡᠪᠡ᠃ 18 ᠨᠡᠶᠢᠬᠡᠮ ᠲᠤᠭᠤᠷᠢᠭ ᠎ ᠤᠨ ᠡᠷᠡᠭᠦᠯ ᠬᠠᠮᠠᠭᠠᠯᠠᠯ  ᠤᠨ ᠦᠢᠯᠡᠴᠢᠯᠡᠭᠡᠨ ᠤ ᠲᠦᠪ᠂ 49 ᠦᠢᠯᠡᠴᠢᠯᠡᠭᠡᠨ  ᠤ ᠦᠷᠳᠡᠭᠡ᠂ 6 ᠰᠢᠶᠠᠩ ᠪᠠᠯᠭᠠᠰᠣᠨ  ᠤ ᠰᠣᠶᠣᠯ  ᠤᠨ ᠦᠷᠳᠡᠭᠡ  ᠶᠢ ᠪᠠᠶᠢᠭᠤᠯᠤᠨ ᠲᠠᠭᠤᠰᠬᠠᠵᠤ᠂ 9 ᠮᠦᠵᠡᠢ  ᠶᠢ ᠰᠢᠨ᠎ᠡ  ᠪᠠᠷ ᠪᠠᠶᠢᠭᠤᠯᠪᠠ᠃ ᠣᠯᠢᠮᠫᠢᠺ  ᠤᠨ ᠪᠡᠶ᠎ᠡ  ᠶᠢᠨ ᠲᠠᠮᠢᠷ ᠤᠨ ᠴᠤᠭᠯᠠᠭᠠᠨ ᠤ ᠭᠠᠯ ᠪᠠᠮᠪᠠᠷ  ᠤᠨ ᠲᠠᠮᠵᠢᠭᠤᠯᠭ᠎ᠠ  ᠶᠢᠨ ᠠᠵᠢᠯᠯᠠᠭ᠎ᠠ  ᠶᠢ ᠠᠮᠵᠢᠯᠲᠠᠲᠠᠢ ᠪᠡᠶᠡᠯᠡᠬᠦᠯᠵᠤ᠂ ᠭᠤᠷᠪᠠᠳᠣᠭᠠᠷ ᠬᠤᠭᠤᠴᠠᠭᠠᠨ  ᠤ ᠤᠷᠳᠤᠰ  ᠤᠨ ᠤᠯᠠᠨ ᠤᠯᠤᠰ  ᠤᠨ ᠰᠣᠶᠤᠯ  ᠤᠨ ᠴᠤᠭᠯᠠᠭᠠᠨ ᠵᠢᠴᠢ ᠠᠩᠬᠠᠳᠣᠭᠠᠷ ᠬᠤᠭᠤᠴᠠᠭᠠᠨ  ᠤ ᠤᠷᠳᠤᠰ  ᠤᠨ ᠪᠠᠷᠢᠮᠳᠠᠳᠣ ᠵᠤᠬᠢᠶᠠᠯ  ᠤᠨ ᠴᠤᠭᠯᠠᠭᠠᠨ  ᠢ ᠠᠮᠵᠢᠯᠲᠠᠲᠠᠢ ᠡᠷᠬᠢᠯᠡᠪᠡ᠃ ᠰᠢᠨ᠎ᠡ  ᠪᠠᠷ 154 ᠰᠣᠳᠣᠯᠬᠤ ᠰᠣᠷᠣᠭᠴᠢ  ᠶᠢ ᠤᠷᠤᠭᠤᠯᠤᠨ ᠠᠪᠴᠢᠷᠠᠵᠤ᠂ ᠤᠷᠳᠣᠰ ᠤᠨ ᠵᠢᠷᠤᠭ ᠲᠦᠯᠦᠪᠯᠡᠭᠡᠨ  ᠤ ᠬᠦᠷᠢᠶᠡᠯᠡᠩ  ᠢ ᠡᠬᠢᠯᠡᠬᠦᠯᠨ ᠪᠠᠶᠢᠭᠤᠯᠵᠤ᠂ ᠦᠪᠦᠷ ᠮᠤᠩᠭᠤᠯ ᠎ ᠤᠨ ᠶᠡᠭᠡ ᠰᠤᠷᠭᠠᠭᠤᠯᠢ  ᠶᠢᠨ ᠤᠷᠳᠤᠰ ᠲᠡᠭᠡᠳᠦ ᠰᠣᠷᠭᠠᠭᠤᠯᠢ ᠡᠬᠢᠯᠡᠨ ᠰᠣᠷᠣᠭᠴᠢ ᠡᠯᠰᠡᠵᠤ᠂ 2008 ᠣᠨ  ᠤ ᠲᠤᠮᠳᠠᠳᠣ ᠣᠯᠣᠰ  ᠤᠨ ᠢᠨᠵᠧᠨᠧᠷᠢᠩ  ᠤᠨ ᠬᠠᠮᠢᠶᠠᠷᠤᠯᠲᠠ  ᠶᠢᠨ ᠦᠬᠦᠯᠡᠯ  ᠤᠨ ᠳᠠᠪᠴᠠᠩ ᠢ ᠡᠷᠬᠢᠯᠡᠪᠡ᠃ ᠬᠦᠮᠦᠨ ᠠᠮᠠ  ᠶᠢᠨ ᠠᠶᠠᠨᠳᠠᠭᠠᠨ ᠦᠰᠬᠦ ᠨᠤᠷᠮ᠎ᠠ  ᠶᠢ 6‰᠎ ᠶᠢᠨ ᠲᠤᠳᠤᠷ᠎ᠠ ᠬᠢᠵᠠᠭᠠᠷᠯᠠᠪᠠ᠃ ᠴᠢᠬᠤᠯᠠ ᠶᠡᠭᠡ ᠰᠠᠭᠤᠷᠢ ᠲᠦᠬᠦᠬᠡᠷᠦᠮᠵᠢ  ᠶᠢᠨ ᠪᠠᠶᠢᠭᠤᠯᠤᠯᠲᠠ  ᠶᠢᠨ ᠲᠦᠷᠦᠯ ᠵᠦᠢᠯ  ᠢ ᠤᠷᠤᠭᠰᠢᠲᠠᠢ ᠠᠬᠢᠭᠤᠯᠵᠤ᠂ ᠵᠡᠬᠦᠨᠭᠠᠷ  ᠠᠴᠠ ᠰᠠᠶᠢᠨᠲᠤᠷ᠎ᠠ ᠬᠦᠷᠬᠦ᠂ ᠵᠡᠬᠦᠨᠭᠠᠷ ᠠᠴᠠ ᠰᠥᠸᠧᠵᠸᠣ ᠬᠦᠷᠬᠦ ᠲᠡᠮᠦᠷ ᠵᠠᠮ  ᠢ ᠡᠬᠢᠯᠡᠨ ᠪᠠᠶᠢᠭᠤᠯᠵᠤ᠂ ᠤᠷᠳᠤᠰ ᠨᠢᠰᠭᠡᠯ  ᠤᠨ ᠪᠠᠭᠤᠳᠠᠯ ᠢ ᠦᠷᠭᠡᠳᠭᠡᠨ ᠪᠠᠶᠢᠭᠤᠯᠬᠤ ᠢᠨᠵᠧᠨᠧᠷᠢᠩ  ᠢ ᠪᠦᠬᠦ ᠲᠠᠯ᠎ᠠ  ᠪᠠᠷ ᠡᠬᠢᠯᠡᠬᠦᠯᠦᠨ᠂ ᠣᠰᠣ᠂ ᠴᠠᠬᠢᠯᠭᠠᠨ᠂ ᠵᠠᠮ᠂ ᠴᠢᠮᠡᠭᠡ ᠨᠡᠪᠳᠡᠷᠡᠯᠬᠡ ᠵᠡᠷᠬᠡ ᠭᠤᠤᠯ ᠲᠦᠬᠦᠬᠡᠷᠦᠮᠵᠢ  ᠶᠢᠨ ᠪᠠᠲᠤᠯᠠᠬᠤ ᠴᠢᠳᠠᠪᠤᠷᠢ ᠴᠢᠨᠠᠭᠰᠢᠲᠠ ᠴᠢᠩᠭᠠᠷᠠᠪᠠ᠃      ︵ᠭᠤᠷᠪᠠ︶ ᠲᠤᠭᠳᠠᠭᠤᠨ  ᠢᠶᠠᠷ ᠭᠦᠭᠵᠢᠬᠦᠯᠬᠦ  ᠶᠢ ᠪᠠᠷᠢᠮᠲᠠᠯᠠᠵᠤ᠂ ᠬᠦᠭᠵᠢᠯᠲᠡ  ᠶᠢᠨ ᠲᠤᠮᠳᠠᠬᠢ ᠬᠦᠴᠢᠷᠳᠡᠯ ᠪᠠ ᠠᠰᠠᠭᠤᠳᠠᠯ  ᠢ ᠪᠦᠲᠦᠮᠵᠢᠲᠠᠢ ᠨᠠᠮᠳᠠᠭᠤᠯᠪᠠ᠃ ᠤᠯᠠᠨ ᠤᠯᠤᠰ  ᠤᠨ ᠮᠦᠩᠬᠦᠨ ᠬᠦᠢᠯᠭᠡᠭᠡᠨ  ᠤ ᠬᠢᠮᠤᠷᠠᠯ  ᠤᠨ ᠮᠠᠨ  ᠤ ᠬᠤᠲᠠ  ᠳᠤ ᠠᠪᠴᠢᠷᠠᠭᠰᠠᠨ ᠠᠰᠢᠭ ᠦᠬᠡᠢ ᠨᠦᠯᠦᠬᠡ  ᠶᠢ ᠨᠢᠮᠪᠠᠢ ᠠᠵᠢᠭᠯᠠᠨ ᠢᠳᠡᠪᠬᠢᠲᠠᠢ ᠨᠠᠮᠳᠠᠭᠤᠯᠪᠠ᠃ ᠠᠵᠤ ᠠᠬᠤᠶᠢᠯᠠᠯ  ᠢ ᠬᠠᠪᠰᠤᠷᠤᠨ ᠦᠢᠯᠡᠳᠬᠦᠨ  ᠢ ᠪᠤᠷᠣᠯᠠᠭᠤᠯᠬᠤ᠂ ᠢᠳᠡᠬᠡᠮᠵᠢᠲᠦ ᠵᠢᠬᠡᠯᠡᠯᠭᠡ  ᠪᠠᠷ ᠪᠡᠯᠡ ᠴᠤᠭᠯᠠᠭᠤᠯᠬᠤ ᠂ ᠠᠵᠢᠯᠲᠠᠨ  ᠢ ᠲᠤᠭᠳᠠᠪᠤᠷᠢᠵᠢᠭᠤᠯᠬᠤ ᠵᠡᠷᠭᠡ ᠭᠦᠴᠢᠷᠳᠡᠯ ᠪᠠ ᠠᠰᠠᠭᠤᠳᠠᠯ  ᠢ ᠠᠯᠢ ᠪᠤᠯᠬᠤ  ᠪᠠᠷ ᠰᠢᠢᠳᠪᠦᠷᠢᠯᠡᠨ ᠦᠭᠴᠦ᠂ ᠠᠵᠤ ᠠᠬᠤᠶᠢᠯᠠᠯ  ᠤᠨ ᠨᠠᠰᠣᠵᠢᠯ ᠎ ᠤᠨ ᠲᠠᠭᠠᠳᠬᠠᠯ  ᠤᠨ ᠰᠦᠢᠳᠭᠡᠯ ᠲᠤᠰᠢᠶᠠᠬᠤ ᠬᠠᠷᠢᠴᠠᠯ  ᠢ ᠪᠠᠭᠤᠷᠠᠭᠤᠯᠬᠤ᠂ ᠴᠠᠭᠢᠯᠭᠠᠨ  ᠤ ᠦᠨ᠎ᠡ ᠪᠠ ᠪᠠᠶᠢᠭᠠᠯᠢ  ᠶᠢᠨ ᠰᠢᠳᠠᠮᠠᠬᠠᠢ ᠭᠡᠢ  ᠶᠢᠨ ᠦᠨ᠎ᠡ  ᠶᠢ ᠪᠠᠭᠤᠷᠠᠭᠤᠯᠬᠤ᠂ ᠭᠠᠵᠠᠷ ᠰᠢᠷᠤᠢ ᠬᠡᠷᠡᠭᠯᠡᠬᠦ ᠭᠠᠶᠢᠯᠢ  ᠶᠢᠨ ᠰᠦᠢᠳᠭᠡᠯ  ᠢ  ᠬᠤᠶᠢᠰᠢᠯᠠᠭᠤᠯᠤᠨ ᠲᠤᠰᠢᠶᠠᠯᠭᠠᠬᠤ ᠵᠡᠷᠭᠡ ᠠᠷᠭ᠎ᠠ ᠮᠠᠶ᠋ᠢᠭ  ᠢᠶᠠᠷ ᠠᠵᠤ ᠠᠬᠤᠶᠢᠯᠠᠯ  ᠢ ᠬᠠᠪᠰᠤᠷᠤᠨ ᠬᠦᠴᠢᠷᠳᠡᠯ  ᠢ  ᠲᠤᠭᠤᠯᠤᠨ᠂ ᠪᠦᠸᠧ ᠶᠤᠸᠠᠨ ᠬᠢᠮᠢ  ᠶᠢᠨ ᠠᠵᠤ ᠦᠢᠯᠡᠳᠪᠦᠷᠢ᠂  ᠢ ᠯᠢ  ᠶᠢᠨ PVC ᠵᠡᠷᠭᠡ ᠭᠤᠤᠯᠳᠠᠯᠭ᠎ᠠ ᠲᠠᠢ ᠠᠵᠤ ᠠᠬᠤᠶᠢᠯᠠᠯ  ᠤᠳ ᠶᠠᠭ ᠵᠠᠯᠭᠠᠭᠠᠪᠠᠷ ᠦᠢᠯᠡᠳᠪᠦᠷᠢᠯᠡᠯ  ᠢᠶᠠᠨ ᠰᠡᠷᠭᠦᠭᠡᠵᠤ ᠪᠠᠶᠢᠨ᠎ᠠ᠃ ᠤᠷᠤᠨ ᠰᠠᠭᠤᠴᠠ  ᠶᠢᠨ ᠠᠷᠠᠯᠵᠢᠶᠠᠨ  ᠤ ᠭᠤᠭᠴᠤᠭᠠᠨ ᠳᠠᠬᠢ ᠭᠡᠰᠡᠭ ᠭᠠᠶᠢᠯᠢ  ᠶᠢᠨ ᠰᠦᠢᠳᠭᠡᠯ  ᠢ ᠪᠠᠭᠤᠷᠠᠭᠤᠯᠬᠤ ᠪᠤᠶᠤ ᠭᠡᠯᠳᠦᠷᠢᠬᠦᠯᠵᠤ᠂ ᠬᠢᠮᠳᠠ ᠲᠤᠬᠢᠯᠢᠭ ᠤᠷᠤᠨ ᠰᠠᠭᠤᠴᠠ  ᠶᠢ ᠵᠢᠬᠡᠯᠡᠯᠭᠡ  ᠪᠠᠷ ᠲᠡᠳᠭᠦᠭᠦ ᠭᠡᠪᠴᠢᠶᠡᠨ  ᠳᠤ ᠤᠷᠤᠭᠤᠯᠵᠤ᠂ ᠲᠤᠮᠳᠠ ᠲᠤᠤᠷ᠎ᠠ ᠤᠷᠤᠯᠭ᠎ᠠ ᠲᠠᠢ ᠭᠡᠷ ᠪᠦᠯᠢ  ᠶᠢᠨ ᠤᠷᠤᠨ ᠰᠠᠭᠤᠴᠠ  ᠶᠢᠨ ᠬᠦᠴᠢᠷᠳᠡᠯ  ᠢ ᠨᠢ ᠴᠢᠷᠮᠠᠶᠢᠨ ᠰᠢᠢᠳᠪᠦᠷᠢᠯᠡᠨ ᠦᠭᠴᠦ᠂ ᠬᠡᠷ ᠪᠠᠶᠢᠰᠢᠩ ᠭᠠᠵᠠᠷ ᠬᠦᠷᠦᠩᠭᠡ ᠶᠢᠨ ᠦᠢᠯᠡᠰ ᠤᠨ ᠲᠤᠭᠳᠠᠭᠤᠨ ᠬᠦᠭᠵᠢᠯᠲᠡ  ᠶᠢ ᠠᠬᠢᠭᠤᠯᠪᠠ᠃ ᠮᠦᠩᠬᠦᠨ ᠬᠦᠢᠯᠭᠡᠭᠡᠨ  ᠤ ᠲᠡᠮᠵᠢᠯᠬᠡ  ᠶᠢ ᠤᠯᠬᠤ  ᠪᠠᠷ ᠢᠳᠡᠪᠬᠢᠲᠠᠢ ᠴᠢᠷᠮᠠᠶᠢᠵᠤ᠂ ᠲᠤᠮᠳᠠᠳᠤ ᠤᠯᠤᠰ  ᠤᠨ ᠪᠠᠩᠬᠢ᠂ ᠣᠯᠣᠰ  ᠤᠨ ᠨᠡᠭᠡᠭᠡᠯᠲᠡ  ᠶᠢᠨ ᠪᠠᠩᠬᠢ᠂ ᠫᠦ᠋ ᠳ᠋ᠦᠩ  ᠤᠨ ᠨᠡᠭᠡᠭᠡᠯᠲᠡ  ᠶᠢᠨ ᠪᠠᠩᠬᠢ᠂ ᠲᠤᠮᠳᠠᠳᠣ ᠎ ᠶᠢᠨ ᠮᠦᠩᠬᠦᠨ ᠬᠦᠢᠯᠬᠡᠬᠡᠨ  ᠤ ᠢᠳᠡᠭᠡᠮᠵᠢᠲᠦ ᠨᠠᠶᠢᠲᠠᠯᠭ᠎ᠠ ᠵᠡᠷᠭᠡ ᠮᠦᠩᠬᠦᠨ ᠬᠦᠢᠯᠭᠡᠭᠡᠨ ᠤ ᠪᠠᠶᠢᠭᠤᠯᠤᠮᠵᠢ ᠯᠤᠭ᠎ᠠ ᠬᠠᠮᠲᠤᠷᠠᠨ ᠠᠵᠢᠯᠯᠠᠬᠤ ᠬᠡᠯᠡᠯᠴᠡᠭᠡᠷ ᠲᠤᠭᠳᠠᠪᠠ ᠃ ᠲᠦᠷᠦᠯ ᠵᠦᠢᠯ  ᠢ ᠨᠦᠬᠡᠴᠡᠯᠡᠬᠦ᠂ ᠵᠤᠯᠭᠠᠯᠳᠣᠭᠤᠯᠬᠤ ᠪᠠ ᠮᠡᠳᠡᠬᠦᠯᠦᠨ ᠵᠦᠪᠰᠢᠶᠡᠷᠡᠭᠦᠯᠬᠦ  ᠶᠢ ᠡᠷᠴᠢᠮᠵᠢᠬᠦᠯᠵᠤ᠂ ᠤᠯᠤᠰ ᠤᠨ 2008 ᠤᠨ  ᠤ ᠲᠤᠳᠤᠭᠠᠲᠤ ᠬᠡᠷᠡᠭᠴᠡᠭᠡ ᠶᠢ ᠦᠷᠭᠡᠳᠭᠡᠭᠦ  ᠳᠤ ᠰᠢᠨ᠎ᠡ  ᠪᠠᠷ ᠨᠡᠮᠡᠭᠳᠡᠭᠦᠯᠦᠭᠰᠡᠨ 4 ᠳ᠋ᠦᠩᠰᠢᠭᠤᠷ ᠭᠠᠷᠣᠢ ᠲᠦᠬᠦᠷᠢᠭ  ᠤᠨ ᠪᠡᠯᠡ ᠤᠷᠤᠭᠤᠯᠤᠯᠲᠠ  ᠶᠢ ᠤᠯᠵᠤ ᠠᠪᠤᠪᠠ᠃ ᠢᠳᠡᠪᠬᠢᠲᠠᠢ  ᠪᠠᠷ ᠭᠤᠤᠯᠳᠠᠯᠭ᠎ᠠ ᠲᠠᠢ ᠠᠵᠤ ᠠᠬᠤᠶᠢᠯᠠᠯ ᠯᠤᠭ᠎ᠠ ᠲᠦᠷᠦᠯ ᠵᠦᠢᠯ  ᠤᠨ ᠵᠤᠯᠭᠠᠯᠳᠤᠭ᠎ᠠ ᠬᠢᠵᠤ᠂ ᠱᠧᠨ ᠬᠤᠸᠠ  ᠶᠢᠨ ᠨᠡᠭᠦᠷᠡᠰᠦ  ᠪᠠᠷ ᠰᠢᠳᠠᠮᠠᠬᠠᠢ ᠬᠡᠢ ᠦᠢᠯᠡᠳᠬᠦ ᠵᠡᠷᠭᠡ ᠨᠢᠬᠡ ᠶᠡᠭᠡ ᠪᠦᠯᠦᠭ  ᠴᠢᠬᠤᠯᠠ ᠶᠡᠭᠡ ᠲᠦᠷᠦᠯ ᠵᠦᠢᠯ ᠢ ᠤᠷᠤᠭᠰᠢᠲᠠᠢ ᠠᠬᠢᠭᠤᠯᠪᠠ᠃ ᠬᠠᠩᠬᠢᠨ ᠬᠤᠰᠢᠭᠤᠨ  ᠤ ᠬᠠᠰᠢᠯᠭ᠎ᠠ ᠰᠡᠳᠡᠷᠡᠭᠰᠡᠨ ᠭᠠᠮᠰᠢᠭ  ᠤᠨ ᠲᠠᠷᠠᠭᠠᠬᠢ ᠲᠠᠬᠢᠨ ᠪᠦᠲᠦᠬᠡᠨ ᠪᠠᠶᠢᠭᠤᠯᠬᠤ ᠲᠦᠯᠦᠪᠵᠢᠬᠦᠯᠬᠡ ᠪᠠ ᠲᠦᠰᠦᠯ  ᠢ ᠦᠨᠳᠦᠷ ᠪᠠᠷᠢᠮᠵᠢᠶ᠎ᠠ  ᠪᠠᠷ ᠰᠣᠳᠣᠯᠣᠨ ᠲᠤᠭᠳᠠᠭᠠᠵᠤ᠂ ᠡᠯ᠎ᠡ ᠲᠦᠷᠦᠯ  ᠤᠨ ᠪᠦᠲᠦᠬᠡᠨ ᠪᠠᠶᠢᠭᠤᠯᠬᠤ ᠠᠵᠢᠯ  ᠢ ᠶᠠᠭ ᠰᠢᠮᠳᠠᠭᠤᠯᠤᠨ ᠶᠠᠪᠤᠭᠳᠠᠭᠤᠯᠵᠤ ᠪᠠᠶᠢᠨ᠎ᠠ᠃      ︵ᠲᠦᠷᠪᠡ︶ ᠦᠷᠭᠦᠯᠵᠢᠯᠡᠭᠰᠡᠨ ᠬᠦᠭᠵᠢᠯᠲᠡ  ᠶᠢ ᠪᠠᠷᠢᠮᠲᠠᠯᠠᠵᠤ᠂ ᠠᠮᠢ ᠠᠬᠤᠢ  ᠶᠢᠨ ᠤᠷᠴᠢᠨ ᠲᠤᠭᠤᠷᠢᠨ  ᠤ ᠬᠠᠮᠠᠭᠠᠯᠠᠯᠲᠠ ᠪᠠ ᠪᠦᠲᠦᠬᠡᠨ ᠪᠠᠶᠢᠭᠤᠯᠤᠯᠲᠠ  ᠶᠢ ᠯᠠᠪᠳᠠᠭᠤᠨ ᠪᠠᠲᠤᠲᠠᠢ ᠠᠬᠢᠭᠤᠯᠪᠠ᠃ ᠡᠨᠧᠷᠬᠢ ᠠᠷᠪᠢᠯᠠᠵᠤ ᠪᠤᠬᠢᠷᠳᠤᠯ  ᠢ ᠪᠠᠭᠠᠰᠬᠠᠬᠤ ᠠᠵᠢᠯ  ᠤᠨ ᠡᠷᠴᠢᠮ  ᠢᠶᠠᠨ ᠴᠢᠨᠠᠭᠰᠢᠲᠠ ᠴᠢᠩᠭᠠᠳᠬᠠᠵᠤ᠂ ᠡᠨᠧᠷᠬᠢ  ᠶᠢᠨ ᠬᠤᠷᠤᠭᠳᠠᠯ ᠶᠡᠬᠡᠲᠠᠢ᠂ ᠪᠤᠬᠢᠷᠲᠤᠯ ᠶᠡᠬᠡᠲᠠᠢ᠂ ᠣᠷ᠎ᠠ ᠮᠡᠷᠭᠡᠰᠢᠯ ᠬᠤᠴᠤᠷᠤᠭᠳᠠᠩᠭᠤᠢ 13 ᠠᠵᠤ ᠠᠬᠤᠶᠢᠯᠠᠯ ᠢ ᠰᠢᠭᠰᠢᠭᠳᠡᠬᠦᠯᠵᠤ᠂ ᠲᠦᠮᠡᠨ ᠲᠦᠬᠦᠷᠢᠭ  ᠤᠨ GDP ᠎ ᠤᠨ ᠡᠨᠧᠷᠬᠢ  ᠶᠢᠨ ᠬᠤᠷᠤᠭᠳᠠᠯ  ᠢ 6.1% ᠪᠠᠭᠤᠷᠠᠭᠤᠯᠵᠤ᠂ ᠬᠦᠬᠦᠷ  ᠤᠨ ᠲᠠᠪᠬᠤᠷ ᠢᠰᠦᠯ  ᠢ ᠭᠠᠳᠠᠭᠰᠢᠯᠠᠭᠤᠯᠬᠤ ᠬᠡᠮᠵᠢᠶ᠎ᠡ  ᠶᠢ 2.4 ᠲᠦᠮᠡᠨ ᠲᠤᠨ  ᠂ ᠬᠢᠮᠢ ᠳᠤ ᠭᠡᠷᠡᠭᠰᠡᠭᠦ ᠬᠦᠴᠢᠯᠳᠦ᠋ᠷᠤᠭ᠍ᠴᠢ ᠶᠢᠨ ᠬᠡᠮᠵᠢᠶ᠎ᠡ  ᠶᠢ 1000 ᠲᠤᠨ  ᠪᠠᠭᠤᠷᠠᠭᠤᠯᠪᠠ᠃ ᠪᠡᠯᠴᠢᠭᠡᠷᠯᠡᠬᠦᠯᠬᠦ  ᠶᠢ ᠬᠤᠷᠢᠭᠯᠠᠨ ᠰᠡᠯᠬᠦᠨ ᠮᠠᠯᠵᠢᠬᠤ ᠪᠠ ᠭᠡᠰᠡᠭ ᠬᠤᠪᠢᠶᠠᠨ ᠡᠭᠡᠯᠵᠢᠯᠡᠨ ᠮᠠᠯᠵᠢᠵᠤ᠂ ᠪᠡᠯᠴᠢᠬᠡᠷ  ᠤᠨ ᠪᠠᠭᠲᠠᠭᠠᠮᠵᠢ  ᠪᠠᠷ ᠮᠠᠯ  ᠤᠨ ᠲᠤᠭ᠎ᠠ ᠲᠤᠯᠤᠭᠠᠢ ᠲᠤᠭᠳᠠᠭᠠᠬᠤ  ᠵᠢᠴᠢ ᠠᠮᠢ ᠠᠬᠤᠢ  ᠶᠢᠨ ᠪᠦᠲᠦᠬᠡᠨ ᠪᠠᠶᠢᠭᠤᠯᠤᠯᠲᠠ  ᠶᠢᠨ ᠭᠤᠤᠯᠳᠠᠯᠭ᠎ᠠ ᠲᠠᠢ ᠢᠨᠵᠧᠨᠧᠷᠢᠩ  ᠢ ᠭᠤᠶᠢᠪᠢᠰᠢ ᠦᠬᠡᠢ ᠬᠡᠷᠡᠭᠵᠢᠬᠦᠯᠬᠦ ᠶᠢ ᠠᠬᠢᠭᠤᠯᠵᠥ᠂ ᠬᠦᠮᠦᠨ  ᠤ ᠬᠦᠴᠦ  ᠪᠠᠷ 162 ᠲᠦᠮᠡᠨ ᠮᠤ᠋ ᠤᠶᠢᠵᠢᠭᠤᠯᠵᠤ᠂ ᠨᠢᠰᠭᠡᠯ  ᠢᠶᠠᠷ 30 ᠲᠦᠮᠡᠨ ᠮᠤ᠋ ᠤᠶᠢᠵᠢᠭᠤᠯᠪᠠ᠃ ᠠᠮᠢ ᠠᠬᠤᠢ  ᠶᠢᠨ ᠠᠶᠠᠨᠳᠠᠭᠠᠨ  ᠰᠡᠷᠭᠦᠭᠦ ᠤᠷᠤᠨ  ᠢ ᠲᠦᠪᠯᠡᠷᠡᠭᠦᠯᠦᠨ ᠪᠠᠶᠢᠭᠤᠯᠵᠤ᠂ 1 ᠲᠦᠮᠡᠨ ᠬᠠᠪᠳᠠᠭᠠᠢ ᠲᠦᠷᠪᠡᠯᠵᠢᠨ ᠺᠢᠯᠤᠮᠧᠲᠷ ᠤᠨ ᠪᠦᠲᠦᠬᠡᠨ ᠪᠠᠶᠢᠭᠤᠯᠬᠤ ᠡᠭᠦᠷᠭᠡ  ᠶᠢ ᠦᠨᠳᠦᠰᠦᠨ ᠳᠡᠭᠡᠨ ᠪᠡᠶᠡᠯᠡᠬᠦᠯᠪᠡ᠃ ᠤᠢ ᠰᠢᠭᠤᠢ ᠡᠯᠡᠰᠦᠨ  ᠤ  ᠦᠢᠯᠡᠰ  ᠢ ᠢᠳᠡᠪᠬᠢᠲᠠᠢ ᠬᠦᠭᠵᠢᠬᠦᠯᠵᠤ᠂ ᠤᠢ ᠰᠢᠭᠤᠢ ᠡᠯᠡᠰᠦᠨ  ᠤ ᠦᠢᠯᠡᠰ  ᠤᠨ ᠲᠦᠬᠦᠬᠡᠢ ᠮᠠᠲ᠋ᠧᠷᠢᠶᠠᠯ  ᠤᠨ ᠤᠢ  ᠶᠢ 137.9 ᠲᠦᠮᠡᠨ ᠮᠤ᠋ ᠰᠢᠨ᠎ᠡ  ᠪᠠᠷ ᠨᠡᠮᠡᠭᠳᠡᠭᠦᠯᠵᠤ᠂ ᠠᠮᠢ ᠠᠬᠤᠢ  ᠶᠢᠨ ᠪᠦᠲᠦᠬᠡᠨ ᠪᠠᠶᠢᠭᠤᠯᠤᠯᠲᠠ  ᠳᠤ ᠰᠢᠨ᠎ᠡ ᠠᠮᠢᠵᠢᠷᠠᠯ ᠤᠨ ᠬᠦᠴᠦᠨ ᠪᠠ ᠭᠦᠳᠡᠯᠬᠡᠭᠴᠢ ᠬᠦᠴᠦᠨ  ᠢ ᠠᠪᠴᠢᠷᠠᠪᠠ᠃  ᠰᠢᠶᠠᠩ ᠲᠤᠰᠬᠤᠨ᠂  ᠬᠤᠲᠠ  ᠪᠠᠯᠭᠠᠰᠣ ᠪᠠ ᠵᠠᠮ ᠬᠠᠷᠢᠯᠴᠠᠭᠠᠨ  ᠤ ᠭᠤᠤᠯ ᠵᠠᠮ  ᠤᠨ ᠨᠤᠭᠤᠭᠠᠵᠢᠭᠤᠯᠤᠯᠲᠠ  ᠶᠢᠨ ᠢᠨᠵᠧᠨᠧᠷᠢᠩ  ᠢ ᠶᠡᠬᠡᠪᠡᠷ ᠭᠡᠷᠡᠭᠵᠢᠬᠦᠯᠵᠤ᠂ 1450 ᠲᠦᠮᠡᠨ  ᠬᠠᠪᠲᠠᠭᠠᠢ ᠲᠦᠷᠪᠡᠯᠵᠢᠨ ᠮᠧᠲᠷ ᠤᠨ ᠨᠤᠭᠤᠭᠠᠨ ᠭᠠᠵᠠᠷ  ᠢ ᠰᠢᠨ᠎ᠡ  ᠪᠠᠷ ᠨᠡᠮᠡᠭᠳᠡᠭᠦᠯᠵᠤ᠂ ᠡᠬᠦᠨ  ᠳᠤ ᠬᠤᠲᠠ  ᠶᠢᠨ ᠭᠤᠤᠯ ᠲᠤᠭᠤᠷᠢᠭ 720 ᠲᠦᠮᠡᠨ  ᠬᠠᠪᠲᠠᠭᠠᠢ ᠲᠦᠷᠪᠡᠯᠵᠢᠨ ᠮᠧᠲᠷ ᠪᠠᠶᠢᠵᠥ᠂ ᠣᠷᠣᠰᠢᠨ ᠰᠠᠭᠤᠵᠤ ᠬᠦᠭᠵᠢᠨ ᠪᠤᠵᠠᠭᠠᠶᠢᠷᠠᠬᠤ ᠤᠷᠴᠢᠨ ᠴᠢᠨᠠᠭᠰᠢᠲᠠ ᠰᠠᠶᠢᠵᠢᠷᠠᠪᠠ᠃     ︵ᠲᠠᠪᠤ︶ ᠡᠶ᠎ᠡ ᠵᠤᠬᠢᠴᠠᠯ ᠲᠠᠢ ᠬᠦᠭᠵᠢᠯᠲᠡ  ᠶᠢ ᠪᠠᠷᠢᠮᠲᠠᠯᠠᠵᠤ᠂ ᠠᠷᠠᠳ  ᠤᠨ ᠠᠮᠢᠲᠤᠷᠠᠯ  ᠢ ᠪᠠᠲᠤᠯᠠᠵᠤ ᠰᠠᠶᠢᠵᠢᠷᠠᠭᠤᠯᠬᠤ ᠤᠷᠲᠤ ᠬᠤᠭᠤᠴᠠᠭᠠᠨ  ᠤ ᠪᠦᠲᠦᠮᠵᠢᠲᠦ ᠲᠤᠭᠳᠠᠴᠠ  ᠶᠢ ᠴᠢᠷᠮᠠᠶᠢᠨ ᠪᠠᠶᠢᠭᠤᠯᠪᠠ᠃ ᠪᠦᠬᠦ ᠬᠤᠲᠠ  ᠶᠢᠨ ᠠᠷᠠᠳ  ᠤᠨ ᠠᠮᠢᠲᠤᠷᠠᠯ  ᠢ ᠰᠠᠶᠢᠵᠢᠷᠠᠭᠤᠯᠬᠤ  ᠳᠤ ᠭᠡᠷᠡᠭᠰᠡᠬᠦ ᠡᠳ᠋  ᠤᠨ ᠵᠠᠰᠠᠭ ᠎ ᠤᠨ ᠪᠡᠯᠡ ᠮᠦᠩᠬᠦ 31 ᠳ᠋ᠦᠩᠰᠢᠭᠤᠷ ᠲᠦᠬᠦᠷᠢᠭ  ᠲᠤ ᠭᠦᠷᠴᠦ᠂ 10.4 ᠳ᠋ᠦᠩᠰᠢᠭᠤᠷ ᠲᠦᠬᠦᠷᠢᠭ ᠨᠡᠮᠡᠭᠳᠡᠪᠡ᠃ ᠬᠤᠲᠠ ᠪᠠᠯᠭᠠᠰᠣᠨ  ᠳᠤ ᠰᠢᠨ᠎ᠡ  ᠪᠠᠷ 2.3 ᠲᠦᠮᠡᠨ ᠬᠦᠮᠦᠨ  ᠳᠤ ᠠᠵᠢᠯ ᠤᠯᠭᠤᠵᠤ᠂ ᠬᠤᠲᠠ ᠪᠠᠯᠭᠠᠰᠣᠨ  ᠤ ᠲᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠤᠷᠮ᠎ᠠ  ᠶᠢ 3.8% ᠎ ᠳᠤ ᠭᠦᠷᠭᠡᠪᠡ᠃ ᠮᠠᠯᠵᠢᠬᠤ ᠳᠠᠷᠢᠶᠠᠯᠠᠬᠤ ᠣᠷᠣᠨ  ᠤ ᠨᠠᠰᠣᠵᠢᠯ  ᠤᠨ ᠲᠠᠭᠠᠳᠬᠠᠯ  ᠢ ᠯᠠᠪᠳᠠᠭᠤᠨ ᠢᠶᠠᠷ ᠠᠬᠢᠭᠤᠯᠵᠤ  ᠂ 35.2 ᠲᠦᠮᠡᠨ ᠬᠦᠮᠦᠨ ᠲᠠᠭᠠᠳᠬᠠᠯ  ᠳᠤ ᠣᠷᠣᠯᠴᠠᠪᠠ᠃ ᠬᠤᠲᠠ ᠪᠠᠯᠭᠠᠰᠣᠨ ᠤ ᠰᠠᠭᠤᠭᠠᠯᠢ ᠠᠷᠠᠳ  ᠤᠨ ᠡᠮ ᠡᠮᠨᠡᠯᠬᠡ  ᠶᠢᠨ ᠲᠠᠭᠠᠳᠬᠠᠯ  ᠢ ᠤᠯᠤᠰ  ᠤᠨ ᠲᠤᠷᠰᠢᠯᠲᠠ  ᠶᠢᠨ ᠴᠢᠭ  ᠲᠤ ᠤᠷᠤᠭᠤᠯᠵᠤ᠂ ᠰᠦᠢᠳᠭᠡᠯ ᠲᠤᠰᠢᠶᠠᠬᠤ ᠪᠠᠷᠢᠮᠵᠢᠶ᠎ᠠ  ᠶᠢ ᠲᠡᠭᠡᠭᠰᠢᠯᠡᠬᠦᠯᠦᠭᠡᠳ ᠨᠠᠰᠣᠨ  ᠳᠤ ᠬᠦᠷᠦᠭᠰᠡᠳ ᠵᠢᠯ ᠪᠦᠷᠢ 280 ᠲᠦᠬᠦᠷᠢᠭ᠂ ᠨᠠᠰᠣᠨ  ᠳᠤ ᠦᠯᠦ ᠬᠦᠷᠦᠭᠰᠡᠳ ᠵᠢᠯ ᠪᠦᠷᠢ 160 ᠲᠦᠬᠦᠷᠢᠭ ᠪᠤᠯᠭᠠᠵᠤ᠂ ᠲᠠᠩᠰᠠᠨ  ᠠᠴᠠ ᠲᠠᠶᠢᠯᠬᠤ ᠬᠢᠵᠠᠭᠠᠷ ᠲᠤᠭ᠎ᠠ ᠶᠢ 2.1 ᠲᠦᠮᠡᠨ ᠲᠦᠬᠦᠷᠢᠭ ᠪᠠᠶᠢᠭᠰᠠᠨ  ᠠᠴᠠ 3 ᠲᠦᠮᠡᠨ ᠲᠦᠬᠦᠷᠢᠭ ᠪᠤᠯᠭᠠᠨ ᠲᠡᠭᠡᠭᠰᠢᠯᠡᠬᠦᠯᠪᠡ᠃ ᠮᠠᠯᠵᠢᠬᠤ ᠲᠠᠷᠢᠶᠠᠯᠠᠬᠤ ᠤᠷᠤᠨ  ᠤ ᠰᠢᠨ᠎ᠡ ᠮᠠᠶ᠋ᠢᠭ  ᠤᠨ ᠬᠤᠷᠰᠢᠭᠰᠠᠨ ᠡᠮ ᠡᠮᠨᠡᠯᠬᠡ  ᠶᠢᠨ ᠨᠦᠬᠦᠪᠦᠷᠢ  ᠶᠢᠨ ᠪᠠᠷᠢᠮᠵᠢᠶ᠎ᠠ ᠶᠢ ᠲᠡᠭᠡᠭᠰᠢᠯᠡᠬᠦᠯᠦᠭᠡᠳ 100 ᠲᠦᠬᠦᠷᠢᠭ  ᠠᠴᠠ ᠲᠡᠭᠡᠭᠰᠢ ᠪᠤᠯᠭᠠᠵᠤ᠂ ᠬᠤᠷᠰᠢᠭᠰᠠᠨ ᠡᠮ ᠡᠮᠨᠡᠯᠬᠡ  ᠳᠤ ᠤᠷᠤᠯᠴᠠᠭᠰᠠᠳ  ᠤᠨ ᠨᠤᠷᠮ᠎ᠠ 90% ᠎ ᠠᠴᠠ ᠲᠡᠭᠡᠭᠰᠢ ᠪᠤᠯᠵᠤ᠂ ᠮᠠᠯᠵᠢᠬᠤ ᠲᠠᠷᠢᠶᠠᠯᠠᠬᠤ ᠤᠷᠤᠨ  ᠤ ᠪᠦᠬᠦ ᠪᠦᠷᠭᠦᠯᠲᠡ  ᠶᠢ ᠪᠡᠶᠡᠯᠡᠬᠦᠯᠪᠡ᠃ ᠪᠦᠬᠦ ᠬᠤᠲᠠ  ᠶᠢᠨ ᠵᠠᠰᠠᠭ ᠵᠠᠬᠢᠷᠭ᠎ᠠ ᠠᠵᠢᠯ ᠦᠢᠯᠡᠰ ᠤᠨ ᠨᠢᠬᠡᠴᠡ  ᠶᠢᠨ ᠺᠠᠳ᠋ᠷ ᠠᠵᠢᠯᠲᠠᠨ  ᠤ ᠤᠷᠤᠨ ᠨᠤᠳᠤᠭ ᠤᠨ ᠨᠡᠮᠡᠭᠦᠷᠢ ᠵᠤᠭᠤᠰ ᠨᠦᠬᠦᠪᠦᠷᠢ ᠮᠦᠩᠬᠦ ᠬᠦᠮᠦᠨ ᠲᠤᠮᠳᠠᠴᠢ ᠪᠠᠷ 600 ᠲᠦᠬᠦᠷᠢᠭ ᠨᠡᠮᠡᠭᠳᠡᠪᠡ᠃ ᠠᠵᠤ ᠠᠬᠤᠶᠢᠯᠠᠯ ᠎ ᠤᠨ ᠠᠵᠢᠯᠲᠠᠨ ᠠᠵᠢᠯᠴᠢᠨ ᠤ ᠬᠠᠮᠤᠭ ᠲᠤᠤᠷ᠎ᠠ  ᠴᠠᠯᠢᠩ ᠳ᠋ᠦᠩᠱᠧᠩ ᠲᠤᠭᠤᠷᠢᠭ  ᠲᠤ 560 ᠲᠦᠬᠦᠷᠢᠭ ᠪᠠᠶᠢᠭᠰᠠᠨ  ᠠᠴᠠ ᠨᠡᠮᠡᠭᠳᠡᠭᠡᠳ 680 ᠲᠦᠬᠦᠷᠢᠭ ᠪᠤᠯᠵᠤ᠂  ᠪᠤᠰᠤᠳ ᠬᠤᠰᠢᠭᠤ  400 ᠲᠦᠬᠦᠷᠢᠭ ᠪᠠᠶᠢᠭᠰᠠᠨ  ᠠᠴᠠ ᠨᠡᠮᠡᠭᠳᠡᠭᠡᠳ 500 ᠲᠦᠬᠦᠷᠢᠭ ᠪᠤᠯᠪᠠ᠃ ᠠᠵᠤ ᠠᠬᠤᠶᠢᠯᠠᠯ ᠤᠨ ᠠᠵᠢᠯ  ᠠᠴᠠ  ᠪᠠᠨ ᠠᠮᠠᠷᠠᠵᠤ ᠠᠵᠢᠯ  ᠠᠴᠠ  ᠪᠠᠨ ᠪᠠᠭᠤᠭᠰᠠᠳ  ᠤᠨ ᠨᠠᠰᠣᠵᠢᠯ ᠤᠨ ᠮᠦᠩᠬᠦ 1072 ᠲᠦᠬᠦᠷᠢᠭ ᠪᠠᠶᠢᠭᠰᠠᠨ  ᠠᠴᠠ ᠨᠡᠮᠡᠭᠳᠡᠭᠡᠳ 1246 ᠲᠦᠬᠦᠷᠢᠭ ᠪᠤᠯᠪᠠ᠃ ᠤᠯᠤᠰ  ᠠᠴᠠ ᠬᠤᠲᠠ ᠭᠦᠳᠡᠭᠡ  ᠶᠢᠨ ᠠᠮᠢᠲᠤᠷᠠᠯ ᠤᠨ ᠨᠠᠭᠠᠲᠤ ᠵᠠᠬ᠎ᠠ  ᠶᠢᠨ ᠪᠠᠲᠤᠯᠠᠭ᠎ᠠ ᠶᠢᠨ ᠮᠦᠩᠬᠦ  ᠬᠦᠷᠳᠡᠵᠤ ᠪᠠᠶᠢᠭ᠎ᠠ ᠰᠠᠭᠤᠭᠠᠯᠢ ᠠᠷᠠᠳ ᠲᠤ ᠰᠠᠷ᠎ᠠ ᠪᠦᠷᠢ 15 ᠲᠦᠬᠦᠷᠢᠭ ᠪᠠ 10 ᠲᠦᠬᠦᠷᠢᠭ ᠨᠡᠮᠡᠭᠳᠡᠬᠦᠯᠥᠭᠰᠡᠨ ᠰᠠᠭᠤᠷᠢᠨ ᠲᠡᠭᠡᠷ᠎ᠡ᠂ 2008 ᠣᠨ  ᠤ 7 ᠳ᠋ᠣᠭᠠᠷ ᠰᠠᠷ᠎ᠠ  ᠶᠢᠨ 1᠎ ᠠᠴᠠ ᠡᠬᠢᠯᠡᠨ ᠮᠠᠨ  ᠤ ᠬᠤᠲᠠ ᠪᠠᠰᠠ ᠳᠣᠰᠪᠤᠷᠢ 10 ᠲᠦᠬᠦᠷᠢᠭ ᠨᠡᠮᠡᠭᠳᠡᠭᠦᠯᠪᠡ᠃ ᠤᠷᠳᠤᠰ  ᠤᠨ ᠨᠢᠬᠦᠯᠡᠰᠦᠩᠬᠦᠢ ᠶᠢᠨ ᠶᠡᠷᠦᠩᠬᠡᠢ ᠡᠪᠯᠡᠯ ᠫᠠᠶᠢᠰᠠ ᠡᠯᠬᠦᠨ ᠪᠠᠶᠢᠭᠤᠯᠤᠭᠳᠠᠵᠤ᠂ ᠨᠡᠶᠢᠬᠡᠮ  ᠤᠨ ᠠᠪᠤᠷᠠᠨ ᠲᠤᠰᠠᠯᠠᠬᠤ ᠰᠢᠰᠲ᠋ᠧᠮᠵᠢ ᠴᠢᠨᠠᠭᠰᠢᠲᠠ ᠲᠡᠬᠦᠯᠳᠡᠷᠵᠢᠵᠤ᠂ ᠬᠤᠲᠠ ᠭᠦᠳᠡᠭᠡ  ᠶᠢ ᠪᠦᠷᠭᠦᠭᠰᠡᠨ ᠨᠡᠶᠢᠬᠡᠮ ᠤᠨ ᠪᠠᠲᠤᠯᠠᠭ᠎ᠠ ᠶᠢᠨ ᠲᠦᠷᠢᠮ ᠦᠨᠳᠦᠰᠦᠨ ᠳᠡᠭᠡᠨ ᠪᠠᠶᠢᠭᠤᠯᠤᠭᠳᠠᠪᠠ᠃ ᠪᠠᠲᠤᠯᠠᠭ᠎ᠠ  ᠶᠢᠨ ᠴᠢᠨᠠᠷᠲᠠᠢ ᠤᠷᠤᠨ ᠰᠠᠭᠤᠴᠠ  ᠶᠢᠨ ᠪᠦᠲᠦᠬᠡᠨ ᠪᠠᠶᠢᠭᠤᠯᠤᠯᠲᠠ  ᠶᠢᠨ ᠡᠷᠴᠢᠮ  ᠢ ᠴᠢᠩᠭᠠᠳᠬᠠᠵᠤ᠂ 204.5 ᠲᠦᠮᠡᠨ ᠬᠠᠪᠲᠠᠭᠠᠢ ᠲᠦᠷᠪᠡᠯᠵᠢᠨ ᠮᠧᠲᠷ  ᠤᠨ ᠬᠢᠮᠲᠠ ᠲᠤᠬᠢᠯᠢᠭ ᠤᠷᠤᠨ ᠰᠠᠭᠤᠴᠠ᠂ 5.2 ᠲᠦᠮᠡᠨ  ᠬᠠᠪᠲᠠᠭᠠᠢ ᠲᠦᠷᠪᠡᠯᠵᠢᠨ ᠮᠧᠲᠷ ᠤᠨ ᠬᠢᠮᠲᠠ ᠲᠦᠷᠢᠶᠡᠰᠦᠨ ᠤᠷᠤᠨ ᠰᠠᠭᠤᠴᠠ᠂ 49.4 ᠲᠦᠮᠡᠨ ᠬᠠᠪᠲᠠᠭᠠᠢ ᠲᠦᠷᠪᠡᠯᠵᠢᠨ ᠮᠧᠲᠷ ᠤᠨ ᠬᠤᠲᠠ ᠤᠷᠤᠭᠰᠠᠨ ᠮᠠᠯᠴᠢᠨ ᠲᠠᠷᠢᠶᠠᠴᠢᠳ ᠢ ᠲᠦᠪᠬᠢᠨᠡᠬᠦᠯᠬᠦ ᠤᠷᠤᠨ ᠰᠠᠭᠤᠴᠠ  ᠶᠢ ᠡᠬᠢᠯᠡᠬᠦᠯᠦᠨ ᠪᠠᠶᠢᠭᠤᠯᠪᠠ᠃ ᠵᠠᠮ ᠬᠠᠷᠢᠯᠴᠠᠭ᠎ᠠ ᠪᠠ ᠨᠡᠬᠦᠷᠡᠰᠦᠨ ᠠᠭᠤᠷᠬᠠᠢ  ᠶᠢᠨ ᠠᠶᠦᠯᠬᠦᠢ ᠶᠢᠨ ᠠᠳᠡᠯ ᠵᠡᠷᠭᠡᠪᠡᠷ ᠪᠠᠭᠤᠷᠠᠵᠤ᠂ ᠵᠠᠭᠤᠨ ᠲᠦᠮᠡᠨ ᠲᠤᠨ ᠨᠡᠭᠦᠷᠡᠰᠦᠨ ᠤ ᠦᠬᠦᠯ  ᠤᠨ ᠨᠤᠷᠮ᠎ᠠ 0.016 ᠪᠤᠯᠤᠨ ᠪᠠᠭᠤᠷᠠᠵᠤ᠂ ᠠᠶᠦᠯᠬᠦᠢ ᠦᠢᠯᠡᠳᠪᠦᠷᠢᠯᠡᠯ  ᠤᠨ ᠪᠠᠶᠢᠳᠠᠯ ᠦᠷᠭᠦᠯᠵᠢᠯᠡᠨ ᠰᠠᠶᠢᠵᠢᠷᠠᠪᠠ᠃      ᠪᠦᠬᠦ ᠤᠯᠤᠰ  ᠤᠨ ᠪᠤᠯᠪᠠᠰᠣᠨ ᠬᠤᠲᠠ  ᠶᠢ ᠡᠬᠦᠳᠦᠨ ᠪᠠᠶᠢᠭᠤᠯᠬᠤ ᠡᠯ᠎ᠡ ᠲᠦᠷᠦᠯ  ᠤᠨ ᠠᠵᠢᠯ  ᠢ ᠯᠠᠪᠳᠠᠭᠤᠨ ᠪᠠᠲᠤᠲᠠᠢ ᠠᠬᠢᠭᠤᠯᠵᠤ᠂ ᠤᠶᠤᠨ  ᠤ ᠪᠤᠯᠪᠠᠰᠣᠨ  ᠤ ᠪᠠᠶᠢᠭᠤᠯᠤᠯᠲᠠ ᠢᠯᠡᠷᠭᠡᠢ ᠠᠮᠵᠢᠯᠲᠠ ᠤᠯᠪᠠ᠃ ᠦᠨᠳᠦᠰᠦᠲᠡᠨ  ᠤ ᠪᠦᠯᠬᠦᠮᠲᠡᠯ ᠲᠠᠪᠰᠢᠯᠲᠠ  ᠶᠢᠨ ᠦᠢᠯᠡᠰ ᠲᠠᠰᠣᠷᠠᠯᠲᠠ ᠦᠬᠡᠢ ᠬᠦᠨᠵᠡᠭᠡᠶᠢᠷᠡᠵᠤ᠂ ᠤᠯᠤᠰ  ᠤᠨ ᠪᠠᠲᠤᠯᠠᠨ ᠬᠠᠮᠠᠭᠠᠯᠠᠯᠲᠠ  ᠶᠢᠨ ᠪᠡᠯᠡᠳᠭᠡᠯ ᠠᠯᠪᠠ᠂ ᠡᠷᠣᠬᠡ  ᠶᠢᠨ ᠴᠡᠷᠢᠭ  ᠤᠨ ᠨᠦᠬᠡᠴᠡ ᠬᠦᠴᠦᠨ ᠪᠠ ᠴᠡᠷᠢᠭ ᠠᠩᠬᠢ  ᠶᠢᠨ ᠤᠳᠤᠬᠢᠴᠢᠯᠠᠯᠲᠠ ᠎ ᠶᠢᠨ ᠪᠦᠲᠦᠬᠡᠨ ᠪᠠᠶᠢᠭᠤᠯᠤᠯᠲᠠ ᠴᠢᠨᠠᠭᠰᠢᠲᠠ ᠴᠢᠩᠭᠠᠷᠠᠵᠤ᠂ ᠬᠤᠶᠠᠷ  ᠢ ᠬᠦᠷᠢᠶᠡᠯᠡᠵᠤ ᠬᠠᠮᠲᠤᠪᠠᠷ ᠪᠠᠶᠢᠭᠤᠯᠬᠤ ᠠᠵᠢᠯ  ᠢ ᠯᠠᠪᠳᠠᠭᠤᠨ ᠪᠠᠲᠤᠲᠠᠢ ᠠᠬᠢᠭᠤᠯᠪᠠ᠃ ᠡᠮᠡᠭᠳᠡᠶᠢᠴᠤᠳ ᠬᠡᠤᠭᠡᠳ ᠪᠠ ᠵᠡᠮᠳᠡᠭᠴᠤᠳ  ᠤᠨ ᠦᠢᠯᠡᠰ ᠰᠢᠨ᠎ᠡ ᠠᠬᠢᠯᠲᠠ ᠲᠠᠢ ᠪᠤᠯᠵᠤ᠂ ᠭᠠᠵᠠᠷ ᠤᠷᠤᠨ  ᠤ ᠪᠦᠬᠦᠯᠢ ᠴᠤᠭᠴᠠ  ᠶᠢᠨ ᠪᠤᠯᠪᠠᠰᠣᠨ  ᠤ ᠭᠡᠮᠵᠢᠶ᠎ᠡ ᠲᠠᠰᠤᠷᠠᠯᠲᠠ ᠦᠬᠡᠢ ᠲᠡᠭᠡᠭᠰᠢᠯᠡᠪᠡ᠃      ︵ᠵᠢᠷᠭᠤᠭ᠎ᠠ︶ ᠬᠠᠤᠯᠢ ᠶᠤᠰᠤᠭᠠᠷ ᠵᠠᠰᠠᠭ ᠶᠠᠪᠤᠭᠤᠯᠬᠤ  ᠶᠢ ᠪᠠᠷᠢᠮᠲᠠᠯᠠᠵᠤ᠂ ︽ᠢᠯᠡ ᠲᠤᠳᠤ ᠵᠠᠰᠠᠭ  ᠤᠨ ᠤᠷᠳᠤᠨ︾ ᠎ ᠢ ᠬᠦᠴᠦ ᠲᠠᠯᠪᠢᠨ ᠪᠠᠶᠢᠭᠤᠯᠪᠠ᠃ ᠠᠷᠠᠳ  ᠤᠨ ᠲᠦᠯᠦᠬᠡᠯᠡᠭᠴᠢᠳ ᠤᠨ ᠶᠡᠭᠡ ᠬᠤᠷᠠᠯ  ᠤᠨ ᠬᠠᠤᠯᠢ ᠴᠠᠭᠠᠵᠠ  ᠶᠢᠨ ᠬᠢᠨᠠᠯᠲᠠ ᠲᠠᠯᠪᠢᠯᠲᠠ ᠪᠠ ᠤᠯᠤᠰ ᠲᠦᠷᠦ  ᠶᠢᠨ ᠵᠦᠪᠯᠡᠯᠭᠡᠨ ᠵᠢᠴᠢ ᠨᠡᠶᠢᠬᠡᠮ ᠎ ᠤᠨ ᠡᠯ᠎ᠡ ᠲᠠᠯ᠎ᠠ  ᠶᠢᠨ ᠬᠢᠨ  ᠤ ᠠᠷᠠᠳᠴᠢᠯᠠᠭᠰᠠᠨ ᠬᠢᠨᠠᠯᠳᠠ ᠶᠢ ᠤᠬᠠᠮᠰᠠᠷ ᠠᠴᠠ  ᠪᠠᠨ ᠬᠦᠯᠢᠶᠡᠪᠡ᠃ ᠠᠷᠠᠳ  ᠤᠨ ᠲᠦᠯᠦᠬᠡᠯᠡᠭᠴᠢᠳ  ᠤᠨ ᠶᠡᠭᠡ ᠬᠤᠷᠠᠯ  ᠤᠨ ᠰᠠᠨᠠᠭᠤᠯᠭ᠎ᠠ ᠪᠠ ᠣᠯᠣᠰ ᠲᠦᠷᠦ  ᠶᠢᠨ ᠵᠦᠪᠯᠡᠯᠭᠡᠨ  ᠤ ᠭᠡᠰᠢᠬᠦᠳ  ᠤᠨ ᠰᠠᠨᠠᠯ ᠲᠤᠷᠠᠳᠤᠯᠭ᠎ᠠ  ᠶᠢ ᠬᠦᠢᠴᠡᠳᠭᠡᠭᠰᠡᠨ ᠨᠤᠷᠮ᠎ᠠ 100% ᠎ ᠳᠤ ᠬᠦᠷᠪᠡ᠃ ᠠᠵᠢᠯᠲᠠᠨ  ᠤ ᠬᠠᠮᠢᠶᠠᠷᠤᠯᠲᠠ᠂ ᠪᠡᠯᠡ ᠮᠦᠩᠬᠦᠨ  ᠤ ᠭᠡᠷᠡᠭᠯᠡᠯᠲᠡ᠂ ᠵᠠᠰᠠᠭ  ᠤᠨ ᠤᠷᠳᠤᠨ  ᠤ ᠪᠡᠯᠡ ᠤᠷᠤᠭᠤᠯᠤᠯᠲᠠ᠂ ᠭᠠᠵᠠᠷ ᠰᠢᠷᠤᠢ ᠰᠢᠯᠵᠢᠬᠦᠯᠦᠨ ᠦᠭᠬᠦ᠂ ᠦᠮᠴᠢᠯᠡᠯ  ᠤᠨ ᠡᠷᠭᠡ  ᠶᠢᠨ ᠠᠷᠠᠯᠵᠢᠶ᠎ᠠ᠂ ᠠᠭᠤᠷᠬᠠᠢ  ᠶᠢᠨ ᠭᠠᠷᠤᠯᠲᠠ ᠶᠢᠨ ᠡᠬᠢ ᠪᠠᠶᠠᠯᠢᠭ  ᠢ ᠲᠤᠬᠢᠷᠠᠭᠤᠯᠬᠤ ᠵᠡᠷᠭᠡ ᠡᠷᠭᠡ  ᠶᠢᠨ ᠬᠡᠷᠡᠭᠵᠢᠬᠦᠯᠦᠯᠲᠡ  ᠶᠢ ᠴᠢᠨᠠᠭᠰᠢᠲᠠ ᠵᠢᠷᠤᠮᠵᠢᠭᠤᠯᠵᠤ᠂ ︽ᠢᠯᠡ ᠲᠤᠳᠤ ᠵᠠᠰᠠᠭ  ᠤᠨ ᠤᠷᠳᠤᠨ︾ ᠎ ᠢ ᠪᠠᠶᠢᠭᠤᠯᠬᠤ ᠠᠯᠢ ᠤᠯᠠᠨ ᠲᠦᠷᠦ  ᠶᠢᠨ ᠪᠤᠳᠤᠯᠭ᠎ᠠ ᠠᠷᠭ᠎ᠠ ᠭᠡᠮᠵᠢᠶ᠎ᠡ  ᠶᠢ ᠭᠠᠷᠭᠠᠵᠤ᠂ ᠵᠠᠰᠠᠭ  ᠤᠨ ᠤᠷᠳᠤᠨ  ᠤ ᠡᠯ᠎ᠡ ᠵᠦᠢᠯ  ᠤᠨ ᠡᠷᠭᠡ  ᠶᠢᠨ ᠬᠡᠷᠡᠭᠵᠢᠬᠦᠯᠦᠯᠲᠡ ᠨᠡᠩ ᠵᠢᠷᠤᠮᠵᠢᠯ ᠲᠠᠢ᠂ ᠨᠡᠩ ᠢᠯᠡ ᠲᠤᠳᠤ᠂ ᠨᠡᠩ ᠬᠠᠤᠯᠢ  ᠶᠢᠨ ᠱᠠᠭᠠᠷᠳᠠᠯᠭ᠎ᠠ  ᠳᠤ ᠨᠠᠶᠢᠴᠠᠪᠠ᠃ ᠠᠯᠪᠠᠨ ᠳᠤ ᠬᠡᠷᠡᠭᠯᠡᠬᠦ ᠲᠡᠷᠬᠡᠨ  ᠤ ᠦᠬᠡᠷᠡᠴᠢᠯᠠᠯᠳᠠ ᠶᠢᠨ ᠲᠦᠰᠤᠯ  ᠢ ᠰᠤᠳᠤᠯᠤᠨ ᠲᠤᠭᠳᠠᠭᠠᠪᠠ᠃ ᠵᠠᠰᠠᠭ ᠵᠠᠬᠢᠷᠭ᠎ᠠ ᠠᠵᠢᠯ ᠦᠢᠯᠡᠰ  ᠤᠨ ᠴᠢᠨᠠᠷᠲᠠᠢ ᠰᠦᠢᠳᠭᠡᠯ ᠬᠤᠷᠢᠶᠠᠬᠤ᠂ ᠵᠠᠰᠠᠭ ᠵᠠᠬᠢᠷᠭᠠᠨ  ᠤ ᠬᠠᠤᠯᠢ ᠬᠡᠷᠡᠭᠵᠢᠬᠦᠯᠦᠯᠲᠡ ᠪᠠ ᠵᠠᠰᠠᠭ ᠵᠠᠬᠢᠷᠭᠠᠨ  ᠤ ᠬᠢᠨᠠᠨ ᠵᠦᠪᠰᠢᠶᠡᠷᠡᠬᠦ ᠲᠦᠷᠦᠯ ᠵᠦᠢᠯ  ᠢ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ  ᠶᠢ ᠵᠤᠬᠢᠶᠠᠨ ᠪᠠᠶᠢᠭᠤᠯᠤᠨ ᠦᠷᠨᠢᠬᠦᠯᠵᠤ᠂ ᠵᠠᠰᠠᠭ  ᠤᠨ ᠶᠠᠪᠤᠳᠠᠯ  ᠤᠨ ᠤᠷᠴᠢᠨ ᠲᠤᠭᠤᠷᠢᠨ  ᠢ ᠴᠢᠨᠠᠭᠰᠢᠲᠠ ᠰᠢᠯᠢᠳᠡᠭᠵᠢᠬᠦᠯᠪᠠ᠃ ᠵᠠᠰᠠᠭ  ᠤᠨ ᠶᠠᠪᠤᠳᠠᠯ  ᠢ ᠢᠯᠡ ᠪᠤᠯᠭᠠᠬᠤ  ᠶᠢ ᠢᠳᠡᠪᠬᠢᠲᠠᠢ ᠲᠦᠯᠬᠢᠨ ᠠᠬᠢᠭᠤᠯᠵᠤ᠂ ᠬᠤᠲᠠ ᠬᠤᠰᠢᠭᠤ ᠰᠢᠶᠠᠩ ᠭᠤᠷᠪᠠᠨ ᠱᠠᠲᠤᠨ  ᠤ ᠡᠯᠧᠺᠲᠷᠤᠨ ᠵᠠᠰᠠᠭ  ᠤᠨ ᠶᠠᠪᠤᠳᠠᠯ  ᠤᠨ ᠲᠤᠤᠷ ᠰᠦᠯᠵᠢᠶ᠎ᠡ  ᠶᠢ ᠨᠡᠪᠳᠡᠷᠡᠭᠦᠯᠪᠡ᠃ ᠵᠠᠰᠠᠭ ᠵᠠᠬᠢᠷᠭᠠᠨ ᠤ ᠦᠢᠯᠡᠳᠦᠯ ᠴᠢᠳᠠᠪᠬᠢ  ᠶᠢ ᠬᠢᠨᠠᠨ ᠪᠠᠶᠢᠴᠠᠭᠠᠬᠤ ᠪᠠ ᠡᠯᠧᠺᠲᠷᠤᠨ  ᠢᠶᠠᠷ ᠬᠢᠨᠠᠨ ᠪᠠᠶᠢᠴᠠᠭᠠᠬᠤ  ᠶᠢ ᠴᠢᠩᠭᠠᠳᠬᠠᠵᠤ᠂ ᠵᠠᠰᠠᠭ  ᠤᠨ ᠤᠷᠳᠤᠨ  ᠤ ᠭᠡᠷᠡᠭᠵᠢᠬᠦᠯᠬᠦ ᠬᠦᠴᠦᠨ ᠪᠠ ᠤᠯᠠᠨ ᠨᠡᠶᠢᠲᠡ  ᠳᠤ ᠢᠳᠡᠭᠡᠭᠦᠯᠬᠦ ᠬᠦᠴᠦᠨ ᠲᠠᠰᠣᠷᠠᠯᠲᠠ ᠦᠬᠡᠢ ᠲᠡᠭᠡᠭᠰᠢᠯᠡᠪᠡ᠃ ᠬᠦᠮᠦᠵᠢᠬᠦᠯᠬᠦ᠂ ᠵᠠᠯᠬᠠᠭᠠᠨ ᠰᠢᠳᠭᠡᠭᠦ ᠪᠠ ᠣᠷᠢᠳᠴᠢᠯᠠᠨ ᠰᠡᠷᠭᠡᠶᠢᠯᠡᠬᠦ  ᠶᠢ ᠬᠠᠷᠢᠯᠴᠠᠨ ᠣᠶᠠᠯᠳᠣᠭᠤᠯᠬᠤ  ᠶᠢ ᠪᠠᠷᠢᠮᠲᠠᠯᠠᠵᠤ᠂ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ  ᠢ ᠡᠰᠡᠷᠭᠦᠴᠡᠭᠦ ᠠᠵᠢᠯ ᠰᠢᠨ᠎ᠡ ᠠᠮᠵᠢᠯᠲᠠ ᠤᠯᠪᠠ᠃ ᠵᠠᠬᠢᠳᠠᠯ ᠰᠣᠷᠪᠣᠯᠵᠢᠯᠠᠭ᠎ᠠ  ᠶᠢᠨ ᠠᠵᠢᠯ  ᠢ ᠯᠠᠪᠳᠠᠭᠤᠨ ᠪᠠᠲᠤᠲᠠᠢ ᠦᠷᠨᠢᠬᠦᠯᠵᠤ᠂ ᠨᠡᠶᠢᠬᠡᠮ  ᠤᠨ ᠵᠦᠷᠢᠴᠡᠯ  ᠢ ᠪᠦᠲᠦᠮᠵᠢᠲᠠᠢ ᠨᠠᠮᠳᠠᠭᠤᠯᠤᠨ᠂ ᠨᠡᠶᠢᠬᠡᠮ ᠨᠡᠩ ᠡᠶ᠎ᠡ ᠵᠤᠬᠢᠴᠠᠯ ᠲᠠᠢ ᠲᠤᠭᠳᠠᠭᠤᠨ ᠪᠤᠯᠪᠠ᠃      ᠡᠳᠡᠭᠡᠷ ᠠᠮᠵᠢᠯᠲᠠ ᠪᠦᠲᠦᠬᠡᠯ ᠪᠤᠯ ᠤᠯᠤᠰ  ᠤᠨ ᠲᠤᠳᠤᠭᠠᠲᠤ ᠭᠠᠳᠠᠭᠠᠲᠤ  ᠶᠢᠨ ᠬᠤᠷᠸ᠎ᠠ ᠤᠷᠴᠢᠨ ᠬᠦᠨᠵᠡᠭᠡᠢ ᠬᠤᠪᠢᠷᠠᠯᠲᠠ ᠭᠠᠷᠤᠭᠰᠠᠨ ᠪᠤᠲᠤᠯᠢᠶᠠᠨᠲᠠᠢ ᠪᠠᠶᠢᠳᠠᠯ  ᠤᠨ ᠲᠤᠤᠷ᠎ᠠ᠂ ᠬᠤᠲᠠ  ᠶᠢᠨ ᠨᠠᠮ  ᠤᠨ ᠬᠤᠷᠢᠶ᠎ᠠ ᠪᠦᠬᠦ ᠲᠠᠯ᠎ᠠ  ᠶᠢ ᠬᠠᠮᠤᠷᠴᠤ᠂ ᠭᠡᠳᠦᠨ ᠲᠤᠮᠤ ᠪᠠᠭ  ᠤᠨ ᠬᠢᠨ ᠠᠷᠠᠳᠴᠢᠯᠠᠭᠰᠠᠨ ᠰᠢᠢᠳᠪᠦᠷᠢ  ᠭᠠᠷᠭᠠᠭᠰᠠᠨ ᠦᠷ᠎ᠡ ᠳ᠋ᠦᠩ ᠪᠤᠯᠬᠤ ᠪᠦᠬᠡᠳ ᠪᠦᠬᠦ ᠬᠤᠲᠠ  ᠶᠢᠨ ᠦᠨᠳᠦᠰᠦᠲᠡᠨ ᠨᠦᠭᠦᠳ  ᠤᠨ ᠺᠠᠳ᠋ᠷ  ᠤᠯᠠᠨ ᠲᠦᠮᠡᠨ ᠡᠷᠴᠢ ᠵᠤᠷᠢᠭ  ᠢᠶᠠᠨ ᠭᠦᠪᠴᠢᠯᠡᠨ ᠡᠷᠡᠯᠬᠡᠭᠯᠡᠨ ᠲᠠᠪᠰᠢᠭᠰᠠᠨ ᠦᠷ᠎ᠡ ᠳ᠋ᠦᠩ ᠪᠤᠯᠤᠨ᠎ᠠ᠂ ᠨᠡᠩ ᠴᠤ ᠪᠡᠯᠡ ᠣᠷᠣᠭᠤᠯᠣᠭᠴᠢ ᠪᠦᠬᠦᠨ  ᠤ ᠰᠢᠷᠭᠠᠭᠤ ᠬᠠᠳᠠᠭᠤᠵᠢᠯᠲᠠᠢ ᠪᠠᠷ ᠠᠳᠠᠯ ᠪᠤᠰᠬᠠᠭᠰᠠᠨ ᠦᠷ᠎ᠡ ᠳ᠋ᠦᠩ ᠪᠤᠯᠬᠤ ᠶᠤᠮ᠃ ᠠᠳᠡ᠂ ᠪᠢ ᠬᠤᠲᠠ  ᠶᠢᠨ ᠠᠷᠠᠳ  ᠤᠨ ᠵᠠᠰᠠᠭ  ᠤᠨ ᠤᠷᠳᠤᠨ  ᠢ ᠲᠦᠯᠦᠬᠡᠯᠡᠨ᠂ ᠪᠦᠬᠦ ᠬᠤᠲᠠ  ᠶᠢᠨ ᠡᠯ᠎ᠡ ᠹᠷᠤᠨᠲ ᠲᠡᠭᠡᠷ᠎ᠡ ᠰᠢᠷᠭᠠᠭᠤ ᠠᠵᠢᠯᠯᠠᠵᠤ ᠪᠠᠶᠢᠭ᠎ᠠ ᠦᠨᠳᠦᠰᠦᠲᠡᠨ ᠨᠦᠭᠦᠳ  ᠤᠨ ᠺᠠᠳ᠋ᠷ ᠤᠯᠠᠨ ᠲᠦᠮᠡᠨ ᠵᠢᠴᠢ ᠤᠷᠳᠤᠰ  ᠤᠨ ᠪᠥᠳᠣᠬᠡᠨ ᠪᠠᠶᠢᠭᠤᠯᠣᠯᠳᠠ ᠬᠦᠭᠵᠢᠯᠲᠡ  ᠶᠢ ᠬᠠᠯᠠᠮᠵᠢᠯᠠᠨ ᠲᠡᠮᠵᠢᠭᠰᠡᠨ ᠡᠯ᠎ᠡ ᠡᠳᠡᠭᠡᠳ  ᠤᠨ ᠬᠢᠨ  ᠳᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠲᠡᠭᠡᠳᠦ ᠬᠦᠨᠳᠦᠳᠬᠡᠯ  ᠢᠶᠠᠨ ᠲᠡᠪᠰᠢᠬᠦᠯᠦᠶ᠎ᠡ︕      ᠤᠳᠤᠬᠠᠨ  ᠳᠤ᠂ ᠣᠷᠳᠣᠰ ᠪᠠᠰᠠ ᠨᠢᠬᠡᠨ ᠬᠦᠭᠵᠢᠯᠲᠡ ᠶᠢᠨ ᠵᠠᠩᠬᠢᠯᠠᠭ᠎ᠠ ᠶᠢᠨ  ᠱᠠᠲᠤᠨ  ᠳᠤ ᠤᠷᠤᠰᠢᠵᠤ ᠪᠠᠶᠢᠨ᠎ᠠ᠂ ᠤᠯᠠᠨ ᠣᠯᠣᠰ  ᠤᠨ ᠮᠦᠩᠬᠦᠨ ᠬᠦᠢᠯᠬᠡᠬᠡᠨ  ᠤ ᠬᠢᠮᠤᠷᠠᠯ ᠮᠠᠨ ᠤ ᠬᠤᠲᠠ ᠶᠢᠨ ᠡᠨᠧᠷᠬᠢ᠂ ᠬᠢᠮᠢ  ᠶᠢᠨ ᠠᠵᠤ ᠦᠢᠯᠡᠳᠪᠦᠷᠢ᠂ ᠲᠡᠮᠦᠷᠯᠢᠭ ᠪᠤᠯᠪᠠᠰᠣᠷᠠᠭᠤᠯᠬᠤ᠂ ᠨᠡᠭᠡᠮᠡᠯ ᠵᠡᠷᠭᠡ ᠠᠵᠢᠯ ᠲᠦᠷᠦᠯ  ᠢ ᠦᠷᠭᠦᠯᠵᠢᠯᠡᠨ ᠨᠦᠯᠦᠬᠡᠯᠡᠭᠰᠡᠭᠡᠷ᠂ ᠬᠦᠭᠵᠢᠯᠲᠡ  ᠶᠢᠨ ᠲᠤᠮᠳᠠᠬᠢ ᠲᠤᠭᠳᠠᠪᠤᠷᠢ ᠦᠬᠡᠢ ᠡᠯᠧᠮᠧᠨ᠋ᠲ ᠦᠷᠬᠦᠯᠵᠢᠯᠡᠨ ᠨᠡᠮᠡᠭᠳᠡᠭᠰᠠᠬᠡᠷ ᠪᠠᠶᠢᠨ᠎ᠠ᠃ ᠮᠠᠨ  ᠤ ᠬᠤᠲᠠ  ᠶᠢᠨ ᠠᠯᠢ ᠤᠯᠠᠨ ᠬᠦᠨ ᠲᠠᠪᠬᠤᠷᠭ᠎ᠠ  ᠶᠢᠨ ᠵᠦᠷᠢᠴᠡᠯ ᠪᠠ ᠠᠰᠠᠭᠤᠳᠠᠯ ᠴᠤ ᠣᠯᠠᠮ ᠨᠢᠬᠡ ᠠᠯᠬᠤᠮ ᠢᠯᠡᠷᠡᠨ ᠭᠠᠷᠴᠤ᠂ ᠢᠯᠠᠩᠭᠤᠶ᠎ᠠ ᠠᠵᠤ ᠦᠢᠯᠡᠰ  ᠤᠨ ᠬᠡᠯᠬᠢᠶ᠎ᠡ ᠤᠬᠤᠷ᠂ ᠪᠦᠲᠦᠴᠡ ᠨᠢ ᠲᠠᠩ ᠴᠣᠯᠭᠤᠢ᠂ ᠰᠢᠨᠵᠢᠯᠡᠬᠦ ᠤᠬᠠᠭᠠᠨ ᠮᠡᠷᠭᠡᠵᠢᠯ  ᠤᠨ ᠬᠢᠷᠢ ᠲᠦᠪᠰᠢᠨ ᠲᠤᠤᠷ᠎ᠠ᠂ ᠦᠨᠳᠦᠷ ᠲᠡᠰ ᠲᠠᠪᠬᠤᠷᠭ᠎ᠠ  ᠶᠢᠨ ᠴᠢᠳᠠᠪᠤᠷᠢᠲᠠᠨ ᠲᠤᠳᠠᠮᠠᠭ᠂ ᠪᠡᠶ᠎ᠡ  ᠪᠠᠨ ᠲᠠᠭᠠᠭᠠᠵᠤ ᠰᠢᠨ᠎ᠡ  ᠶᠢ ᠡᠭᠦᠳᠬᠦ ᠴᠢᠳᠠᠪᠤᠷᠢ ᠬᠦᠷᠦᠯᠴᠡᠬᠦ ᠦᠬᠡᠢ᠂ ᠬᠤᠲᠠ ᠭᠦᠳᠡᠭᠡ  ᠶᠢᠨ ᠬᠤᠭᠤᠷᠤᠨᠳᠤ᠂ ᠠᠵᠤ ᠠᠬᠤᠢ ᠨᠡᠶᠢᠬᠡᠮ  ᠤᠨ ᠬᠤᠭᠤᠷᠤᠨᠳᠤ᠂ ᠠᠵᠤ ᠠᠬᠤᠢ  ᠶᠢᠨ ᠨᠡᠮᠡᠭᠳᠡᠯ ᠪᠤᠯᠤᠨ ᠬᠤᠲᠠ ᠭᠦᠳᠡᠭᠡ  ᠶᠢᠨ ᠰᠠᠭᠤᠭᠠᠯᠢ ᠠᠷᠠᠳ  ᠤᠨ ᠤᠷᠤᠯᠭ᠎ᠠ  ᠶᠢᠨ ᠬᠤᠭᠤᠷᠤᠨᠲᠤ ᠬᠠᠷᠢᠯᠴᠠᠨ ᠵᠤᠬᠢᠴᠠᠩᠭᠤᠢ ᠪᠤᠰᠤ ᠪᠠᠶᠢᠬᠤ ᠠᠰᠠᠭᠤᠳᠠᠯ ᠮᠦᠨ ᠬᠦ ᠤᠷᠤᠰᠢᠵᠤ ᠪᠠᠶᠢᠨ᠎ᠠ᠂ ᠰᠢᠨᠵᠢᠯᠡᠬᠦ ᠤᠬᠠᠭᠠᠨᠴᠢ ᠬᠦᠭᠵᠢᠯᠲᠡ  ᠶᠢᠨ ᠪᠠᠶᠢᠭᠤᠯᠤᠮᠵᠢ ᠶᠢᠨ ᠲᠤᠭᠳᠠᠴᠠ  ᠶᠢ ᠴᠢᠨᠠᠭᠰᠢᠲᠠ ᠲᠡᠭᠦᠯᠳᠡᠷᠵᠢᠬᠦᠯᠬᠦ ᠴᠢᠬᠤᠯᠠᠲᠠᠢ ᠪᠠᠶᠢᠵᠤ᠂ ᠵᠠᠰᠠᠭ  ᠤᠨ ᠤᠷᠳᠤᠨ  ᠤ ᠲᠤᠰ ᠪᠡᠶ᠎ᠡ  ᠶᠢᠨ ᠪᠠᠶᠢᠭᠤᠯᠤᠯᠲᠠ  ᠶᠢ ᠴᠤ ᠤᠯᠠᠮ ᠨᠢᠬᠡ ᠠᠯᠬᠤᠮ ᠴᠢᠩᠭᠠᠳᠬᠠᠬᠤ ᠭᠡᠷᠡᠭᠲᠠᠢ ᠪᠠᠶᠢᠨ᠎ᠠ᠃ ᠪᠢᠳᠡ ᠡᠳᠡᠭᠡᠷ ᠠᠰᠠᠭᠤᠳᠠᠯ  ᠎ ᠳᠤ ᠡᠷᠭᠡᠪᠰᠢ ᠵᠦᠪ  ᠢᠶᠠᠷ ᠬᠠᠨᠳᠤᠨ᠂ ᠢᠳᠡᠪᠬᠢᠲᠠᠢ  ᠪᠠᠷ ᠰᠤᠳᠤᠯᠤᠨ ᠰᠢᠢᠳᠪᠦᠷᠢᠯᠡᠬᠦ ᠬᠡᠷᠡᠭᠲᠠᠢ᠃ ᠪᠠᠶᠢᠳᠠᠯ ᠨᠠᠷᠢᠨ ᠪᠤᠲᠤᠯᠢᠶᠠᠨᠲᠠᠢ ᠪᠦᠬᠡᠳ ᠬᠤᠪᠢᠷᠠᠯᠲᠠ ᠶᠡᠬᠡᠲᠠᠢ᠂ ᠠᠵᠤ ᠠᠬᠤᠢ  ᠳᠤ ᠥᠵᠡᠬᠦᠯᠬᠦ ᠲᠠᠷᠤᠯᠲᠠ ᠶᠡᠬᠡᠰᠴᠦ ᠪᠠᠶᠢᠬᠤ ᠪᠠᠶᠢᠳᠠᠯ ᠤᠨ ᠲᠤᠤᠷ᠎ᠠ᠂ ᠪᠢᠳᠡ ᠨᠡᠩ ᠰᠡᠷᠭᠡᠭ᠂ ᠤᠶᠤᠨᠴᠢ᠂ ᠪᠤᠲᠠᠲᠠᠢ ᠶᠢ ᠡᠷᠬᠢᠮᠯᠡᠪᠡᠯ ᠵᠤᠬᠢᠨ᠎ᠠ᠂ ᠲᠠᠰᠤᠷᠠᠯᠲᠠ ᠦᠬᠡᠢ ᠬᠤᠪᠢᠷᠠᠵᠤ ᠪᠠᠶᠢᠬᠤ ᠪᠠᠶᠢᠳᠠᠯ  ᠤᠨ ᠲᠤᠮᠳᠠ  ᠠᠴᠠ ᠬᠦᠭᠵᠢᠯᠲᠡ  ᠶᠢᠨ ᠠᠵᠠ ᠲᠤᠬᠢᠶᠠᠯ ᠢ ᠡᠵᠡᠮᠳᠡᠵᠤ᠂ ᠠᠰᠢᠭ ᠦᠬᠡᠢ ᠤᠷᠴᠢᠨ  ᠠᠴᠠ ᠢᠳᠡᠪᠬᠢ ᠵᠦᠢᠯ ᠢ ᠢᠯᠡᠷᠡᠭᠦᠯᠦᠨ ᠪᠤᠶᠢᠵᠢᠭᠤᠯᠵᠤ᠂ ᠤᠯᠤᠰ  ᠤᠨ ᠲᠤᠳᠤᠭᠠᠲᠤ ᠭᠠᠳᠠᠭᠠᠲᠤ  ᠶᠢᠨ ᠨᠦᠬᠦᠴᠡᠯ  ᠢ ᠬᠠᠷᠢᠯᠴᠠᠨ ᠬᠤᠪᠢᠷᠠᠭᠤᠯᠬᠤ ᠶᠠᠪᠤᠴᠠ  ᠳᠤ ᠬᠦᠭᠵᠢᠯᠲᠡ ᠶᠢᠨ ᠤᠷᠤᠨ ᠵᠠᠢ ᠪᠠᠨ ᠤᠯᠬᠤ  ᠪᠠᠷ ᠴᠢᠷᠮᠠᠶᠢᠵᠤ᠂ ᠨᠡᠩ ᠰᠢᠷᠭᠠᠭᠤ ᠬᠢᠴᠢᠶᠡᠩᠬᠦᠢ᠂ ᠯᠠᠪᠳᠠᠭᠤᠨ ᠬᠢᠨᠠᠮᠠᠭᠠᠢ ᠎ ᠪᠠᠷ ᠡᠯ᠎ᠡ ᠵᠦᠢᠯ  ᠤᠨ ᠠᠵᠢᠯ  ᠢᠶᠠᠨ ᠰᠠᠶᠢᠲᠤᠷ ᠬᠢᠵᠤ᠂ ᠪᠦᠬᠦ ᠬᠤᠲᠠ  ᠶᠢᠨ ᠠᠷᠠᠳ ᠲᠦᠮᠡᠨ  ᠤ ᠢᠳᠡᠭᠡᠯ ᠬᠦᠰᠡᠯ ᠪᠠ ᠬᠦᠨᠲᠦ ᠨᠠᠶᠢᠲᠠᠯᠭ᠎ᠠ  ᠶᠢ ᠶᠠᠭᠠᠬᠢᠭᠰᠠᠨ ᠴᠤ  ᠬᠦᠰᠡᠷᠳᠡᠭᠦᠯᠵᠤ ᠪᠤᠯᠬᠤ ᠦᠬᠡᠢ᠃            ᠬᠤᠶᠠᠷ᠂   2009  ᠤᠨ  ᠤ  ᠭᠤᠤᠯ  ᠠᠵᠢᠯ  ᠤᠨ  ᠡᠬᠦᠷᠭᠡ      ᠡᠨᠡ ᠵᠢᠯ ᠪᠤᠯ ᠰᠢᠨ᠎ᠡ ᠲᠤᠮᠳᠠᠳᠣ ᠣᠯᠣᠰ ᠪᠠᠶᠢᠭᠤᠯᠤᠭᠳᠠᠭᠰᠠᠨ 60 ᠵᠢᠯ  ᠤᠨ ᠤᠢ ᠪᠤᠯᠬᠤ ᠪᠦᠭᠡᠳ ᠮᠠᠨ  ᠤ ᠬᠤᠲᠠ ᠪᠡᠷᠭᠡ ᠪᠤᠳᠤᠯᠢᠶᠠᠨᠲᠠᠢ ᠪᠠᠶᠢᠳᠠᠯ ᠎ ᠤᠨ ᠲᠤᠤᠷ᠎ᠠ ᠪᠠᠶᠢᠯᠳᠤᠬᠤ ᠪᠤᠳᠤᠯᠭ᠎ᠠ  ᠶᠢᠨ ᠰᠢᠨ᠎ᠡ ᠠᠵᠠ ᠲᠤᠬᠢᠶᠠᠯ  ᠢ ᠴᠢᠩᠭ᠎ᠠ ᠡᠵᠡᠮᠳᠡᠨ᠂ ᠭᠦᠭᠵᠢᠯᠲᠡ  ᠶᠢᠨ ᠰᠢᠨ᠎ᠡ ᠲᠠᠪᠠᠭᠤᠯᠢᠭ  ᠢ ᠡᠭᠦᠳᠴᠦ᠂ ᠨᠡᠩ ᠤᠷᠲᠦ ᠬᠤᠭᠤᠴᠠᠭ᠎ᠠ ᠲᠠᠢ᠂ ᠨᠡᠩ ᠦᠨᠳᠦᠷ ᠬᠢᠷᠢ ᠲᠦᠪᠰᠢᠨ ᠲᠠᠢ᠂ ᠨᠡᠩ ᠰᠠᠶᠢᠨ ᠶᠠᠰᠣ ᠴᠢᠨᠠᠷ ᠲᠠᠢ ᠬᠦᠭᠵᠢᠯᠲᠡ  ᠶᠢ ᠪᠡᠶᠡᠯᠡᠬᠦᠯᠬᠦ ᠵᠠᠩᠬᠢᠯᠭ᠎ᠠ  ᠶᠢᠨ ᠨᠢᠬᠡ ᠵᠢᠯ ᠪᠤᠯᠤᠨ᠎ᠠ᠃ ᠬᠤᠲᠠ  ᠶᠢᠨ ᠨᠠᠮ  ᠤᠨ ᠬᠤᠷᠢᠶᠠᠨ  ᠤ ᠬᠤᠶᠠᠳᠤᠭᠠᠷ ᠬᠤᠭᠤᠴᠠᠭᠠᠨ  ᠤ ᠵᠢᠷᠭᠤᠳᠤᠭᠠᠷ ᠤᠳᠠᠭᠠᠨ  ᠤ ᠪᠦᠬᠦ ᠬᠡᠰᠢᠬᠦᠳ ᠤᠨ ᠬᠤᠷᠠᠯᠳᠤᠭᠠᠨ  ᠤ ᠵᠤᠷᠢᠭ ᠰᠠᠨᠠᠭ᠎ᠠ  ᠶᠢ ᠦᠨᠳᠦᠰᠦᠯᠡᠨ᠂ 2009 ᠤᠨ  ᠤ ᠵᠠᠰᠠᠭ  ᠤᠨ ᠤᠷᠳᠤᠨ  ᠤ ᠠᠵᠢᠯ ᠨᠢ ᠰᠢᠨᠵᠢᠯᠡᠬᠦ ᠤᠬᠠᠭᠠᠨᠴᠢ ᠬᠦᠭᠵᠢᠯᠲᠡ  ᠶᠢᠨ ᠦᠵᠡᠯᠲᠡ  ᠪᠠᠷ ᠪᠦᠬᠦ ᠲᠠᠯ᠎ᠠ  ᠶᠢ ᠬᠠᠮᠤᠷᠬᠤ  ᠶᠢ ᠪᠠᠷᠢᠮᠲᠠᠯᠠᠵᠤ᠂ ︽ᠪᠦᠲᠦᠴᠡ  ᠶᠢᠨ ᠬᠡᠯᠪᠡᠷᠢ ᠶᠢ ᠬᠤᠪᠢᠷᠡᠭᠤᠯᠵᠤ᠂ ᠰᠢᠨ᠎ᠡ  ᠶᠢ ᠡᠬᠦᠳᠤᠨ ᠬᠤᠲᠠ  ᠪᠠᠨ ᠬᠦᠴᠦᠷᠭᠡᠭᠵᠢᠬᠦᠯᠬᠦ︾ ᠪᠠᠶᠢᠯᠳᠤᠬᠤ ᠪᠤᠳᠤᠯᠭ᠎ᠠ  ᠶᠢ ᠪᠦᠬᠦ ᠲᠠᠯ᠎ᠠ  ᠪᠠᠷ ᠭᠡᠷᠡᠭᠵᠢᠬᠦᠯᠵᠤ᠂ ᠴᠢᠬᠤᠯᠠ ᠶᠡᠭᠡ ᠲᠦᠷᠦᠯ ᠵᠦᠢᠯ  ᠤᠨ ᠪᠠᠶᠢᠭᠤᠯᠤᠯᠲᠠ  ᠪᠠᠷ ᠭᠠᠷᠳᠠᠬᠤ ᠴᠢᠭ ᠪᠤᠯᠭᠠᠵᠤ᠂ ᠠᠵᠤ ᠦᠢᠯᠡᠰ  ᠤᠨ ᠪᠦᠲᠦᠴᠡ  ᠶᠢ ᠰᠢᠯᠢᠳᠡᠭᠵᠢᠬᠦᠯᠬᠦ  ᠶᠢ ᠨᠡᠩ ᠢᠯᠡᠭᠦᠤ ᠴᠢᠬᠤᠯᠠᠴᠢᠯᠠᠵᠤ᠂ ᠬᠦᠭᠵᠢᠯᠲᠡ  ᠶᠢᠨ ᠠᠷᠭ᠎ᠠ ᠮᠠᠶ᠋ᠢᠭ  ᠢ ᠬᠤᠪᠢᠷᠠᠭᠤᠯᠤᠨ᠂ ᠠᠵᠤ ᠠᠬᠤᠢ ᠎ ᠶᠢᠨ ᠲᠤᠭᠳᠠᠭᠤᠨ ᠮᠦᠷᠳᠡᠭᠡᠨ ᠲᠦᠷᠭᠡᠨ ᠨᠡᠮᠡᠭᠳᠡᠬᠦ ᠪᠠᠶᠢᠳᠠᠯ  ᠢ ᠬᠠᠳᠠᠭᠠᠯᠠᠨ᠎ᠠ︔ ᠪᠠᠭᠤᠷᠠᠢ ᠲᠠᠯ᠎ᠠ  ᠪᠠᠨ ᠰᠠᠶᠢᠵᠢᠷᠠᠭᠤᠯᠬᠤ  ᠶᠢ ᠨᠡᠩ ᠢᠯᠡᠬᠦᠤ ᠴᠢᠬᠤᠯᠠᠴᠢᠯᠠᠵᠤ᠂ ᠰᠠᠭᠤᠷᠢ ᠲᠦᠬᠦᠬᠡᠷᠦᠮᠵᠢ  ᠶᠢᠨ ᠪᠠᠶᠢᠭᠤᠯᠤᠯᠲᠠ ᠶᠢ ᠴᠢᠩᠭᠠᠳᠬᠠᠨ᠂ ᠬᠦᠭᠵᠢᠯᠲᠡ  ᠶᠢᠨ ᠨᠦᠬᠦᠴᠡᠯ  ᠢ  ᠰᠠᠶᠢᠵᠢᠷᠠᠭᠤᠯᠵᠤ᠂ ᠬᠦᠭᠵᠢᠯᠲᠡ  ᠶᠢᠨ ᠨᠦᠬᠡᠴᠡ ᠬᠦᠴᠦᠨ ᠎ ᠢᠶᠠᠨ ᠴᠢᠩᠭᠠᠳᠬᠠᠨ᠎ᠠ︔ ᠠᠷᠠᠳ  ᠤᠨ ᠠᠮᠢᠲᠤᠷᠠᠯ  ᠤᠨ ᠢᠨᠵᠧᠨᠧᠷᠢᠩ ᠤᠨ ᠪᠠᠶᠢᠭᠤᠯᠤᠯᠲᠠ  ᠶᠢ ᠨᠡᠩ ᠢᠯᠡᠬᠦᠤ ᠴᠢᠬᠤᠯᠠᠴᠢᠯᠠᠵᠤ᠂ ᠨᠡᠶᠢᠬᠡᠮ  ᠤᠨ ᠦᠢᠯᠡᠰ  ᠤᠨ ᠬᠥᠭᠵᠢᠯᠳᠠ  ᠶᠢ ᠲᠦᠯᠬᠢᠨ ᠠᠬᠢᠭᠤᠯᠤᠨ᠂ ᠲᠦᠷᠢᠮ  ᠤᠨ ᠪᠠᠲᠤᠯᠠᠭ᠎ᠠ  ᠶᠢ ᠡᠷᠴᠢᠮᠵᠢᠬᠦᠯᠵᠤ᠂ ᠨᠡᠶᠢᠬᠡᠮ  ᠤᠨ ᠡᠶ᠎ᠡ ᠵᠤᠬᠢᠴᠠᠯ  ᠢ ᠠᠬᠢᠭᠤᠯᠤᠨ᠂ ᠣᠷᠳᠣᠰ  ᠤᠨ ᠲᠦᠷᠭᠡᠭᠡᠨ ᠪᠦᠬᠦ ᠤᠯᠤᠰ  ᠤᠨ ᠡᠮᠦᠨ᠎ᠡ ᠡᠩᠨᠡᠬᠡᠨ  ᠳᠤ ᠤᠷᠤᠵᠤ᠂ ᠲᠡᠯᠡᠬᠡᠢ ᠶᠢᠨ ᠲᠡᠷᠢᠬᠦᠨ ᠵᠡᠷᠭᠡ  ᠳᠤ  ᠬᠦᠷᠴᠦ᠂ ᠤᠳᠤᠬᠢᠴᠢᠯᠠᠯᠲᠠ ᠵᠦᠭ ᠤᠷᠤᠭᠰᠢᠯᠠᠬᠤ  ᠶᠢ ᠲᠦᠯᠬᠢᠨ ᠠᠬᠢᠭᠤᠯᠤᠨ᠎ᠠ᠃      ᠭᠤᠤᠯ ᠵᠢᠱᠢᠭᠰᠡᠨ ᠬᠠᠷᠠᠯᠲᠠ ᠪᠤᠯ᠄ ᠭᠠᠵᠠᠷ ᠤᠷᠤᠨ  ᠤ ᠦᠢᠯᠡᠳᠪᠦᠷᠢᠯᠡᠯ  ᠤᠨ ᠶᠡᠷᠦᠩᠬᠡᠢ ᠦᠷᠳᠡᠭ  ᠢ 2000 ᠳ᠋ᠦᠩᠰᠢᠭᠤᠷ ᠲᠦᠬᠦᠷᠢᠭ  ᠲᠤ ᠭᠦᠷᠭᠡᠵᠤ ᠂ 20.5% ᠨᠡᠮᠡᠭᠳᠡᠭᠦᠯᠦᠨ᠎ᠡ︔ ᠠᠵᠤ ᠦᠢᠯᠡᠳᠪᠦᠷᠢ  ᠶᠢᠨ ᠨᠡᠮᠡᠭᠳᠡᠯ ᠦᠷᠳᠡᠭ  ᠢ 1030 ᠳ᠋ᠦᠩᠰᠢᠭᠤᠷ ᠲᠦᠬᠦᠷᠢᠭ  ᠲᠤ ᠬᠦᠷᠭᠡᠵᠤ᠂ 23.5% ᠨᠡᠮᠡᠭᠳᠡᠭᠦᠯᠦᠨ᠎ᠡ︔ ᠡᠳ᠋  ᠤᠨ ᠵᠠᠰᠠᠭ  ᠤᠨ ᠤᠷᠤᠯᠭ᠎ᠠ  ᠶᠢ 320 ᠳ᠋ᠦᠩᠰᠢᠭᠤᠷ ᠲᠦᠬᠦᠷᠢᠭ  ᠲᠤ ᠬᠦᠷᠭᠡᠵᠤ᠂ 20.8% ᠨᠡᠮᠡᠭᠳᠡᠭᠦᠯᠦᠨ᠎ᠡ︔ ᠬᠤᠲᠠ ᠪᠠᠯᠭᠠᠰᠣᠨ ᠎ ᠤ ᠰᠠᠭᠤᠭᠠᠯᠢ ᠠᠷᠠᠳ  ᠤᠨ ᠬᠦᠮᠦᠨ ᠲᠤᠮᠳᠠᠴᠢ ᠲᠤᠬᠢᠷᠠᠭᠤᠯᠵᠤ ᠪᠤᠯᠬᠤ ᠤᠷᠤᠯᠭ᠎ᠠ  ᠶᠢ 25000 ᠲᠦᠬᠦᠷᠢᠭ  ᠲᠤ ᠭᠦᠷᠭᠡᠵᠤ᠂ 28.6% ᠨᠡᠮᠡᠭᠳᠡᠬᠦᠯᠦᠨ᠎ᠡ︔ ᠮᠠᠯᠴᠢᠨ ᠲᠠᠷᠢᠶᠠᠴᠢᠳ  ᠤᠨ ᠬᠦᠮᠦᠨ ᠲᠤᠮᠳᠠᠴᠢ ᠴᠡᠪᠡᠷ ᠤᠷᠤᠯᠭ᠎ᠠ  ᠶᠢ 8000 ᠲᠦᠬᠦᠷᠢᠭ  ᠲᠤ ᠬᠦᠷᠭᠡᠵᠤ᠂ 13.4% ᠨᠡᠮᠡᠭᠳᠡᠭᠦᠯᠦᠨ᠎ᠡ︔ ᠪᠦᠬᠦ ᠨᠡᠶᠢᠬᠡᠮ ᠎ ᠤᠨ ᠲᠤᠭᠳᠠᠮᠠᠯ ᠬᠦᠷᠦᠩᠬᠡ  ᠶᠢᠨ ᠪᠡᠯᠡ ᠤᠷᠤᠭᠤᠯᠤᠯᠲᠠ  ᠶᠢ 1500 ᠳ᠋ᠦᠩᠰᠢᠭᠤᠷ ᠲᠦᠬᠦᠷᠢᠭ  ᠲᠤ ᠭᠦᠷᠭᠡᠵᠤ᠂ 40.2% ᠨᠡᠮᠡᠭᠳᠡᠭᠦᠯᠦᠨ᠎ᠡ︔ ᠬᠤᠲᠠ ᠪᠠᠯᠭᠠᠰᠣᠨ  ᠤ ᠲᠠᠩᠰᠠᠯᠠᠭᠤᠯᠤᠭᠰᠠᠨ ᠠᠵᠢᠯ ᠠᠯᠳᠠᠭᠰᠠᠳ  ᠤᠨ ᠨᠤᠷᠮ᠎ᠠ  ᠶᠢ 4% ᠎ ᠶᠢᠨ ᠲᠤᠳᠤᠷ᠎ᠠ ᠬᠢᠵᠠᠭᠠᠷᠯᠠᠨ᠎ᠠ︔ ᠬᠦᠮᠦᠨ ᠠᠮᠠ  ᠶᠢᠨ ᠠᠶᠠᠨᠳᠠᠭᠠᠨ ᠦᠰᠬᠦ ᠨᠤᠷᠮ᠎ᠠ  ᠶᠢ 6 ‰ ᠎ ᠶᠢᠨ ᠲᠤᠳᠤᠷ᠎ᠠ ᠬᠢᠵᠠᠭᠠᠷᠯᠠᠨ᠎ᠠ︔ ᠨᠢᠬᠡᠴᠢ ᠦᠢᠯᠡᠳᠪᠦᠷᠢᠯᠡᠯ ᠤᠨ ᠶᠡᠷᠦᠩᠬᠡᠢ ᠦᠷᠳᠡᠭ  ᠤᠨ ᠡᠨᠧᠷᠬᠢ  ᠶᠢᠨ ᠬᠤᠷᠤᠭᠳᠠᠯ  ᠢ 6.48% ᠪᠠᠭᠤᠷᠠᠭᠤᠯᠵᠤ᠂ ᠬᠦᠬᠦᠷ  ᠤᠨ ᠲᠠᠪᠬᠤᠷ ᠢᠰᠦᠯ  ᠢ ᠭᠠᠳᠠᠭᠰᠢᠯᠠᠭᠤᠯᠬᠤ ᠬᠡᠮᠵᠢᠶ᠎ᠡ  ᠶᠢ 1.5 ᠲᠦᠮᠡᠨ ᠲᠤᠨ᠂ ᠬᠢᠮᠢ  ᠳᠤ ᠭᠡᠷᠡᠭᠰᠡᠭᠦ  ᠬᠦᠴᠢᠯᠳᠦ᠋ᠷᠤᠭ᠍ᠴᠢ ᠶᠢᠨ ᠬᠡᠮᠵᠢᠶ᠎ᠡ  ᠶᠢ 2600 ᠲᠤᠨ ᠪᠠᠭᠤᠷᠠᠭᠤᠯᠤᠨ᠎ᠠ︔ ᠳ᠋ᠦᠩᠰᠢᠭᠤᠷ ᠲᠦᠬᠦᠷᠢᠭ  ᠤᠨ ᠦᠢᠯᠡᠳᠪᠦᠷᠢᠯᠡᠯ  ᠤᠨ ᠶᠡᠷᠦᠩᠬᠡᠢ ᠦᠷᠳᠡᠭ  ᠤᠨ ᠠᠶᠦᠯᠬᠦᠢ ᠠᠳᠡᠯ ᠤᠨ ᠬᠦᠮᠦᠨ ᠦᠬᠦᠭᠰᠡᠨ ᠲᠤᠭ᠎ᠠ  ᠶᠢ 0.2 ᠎ ᠤᠨ ᠲᠤᠳᠤᠷ᠎ᠠ ᠬᠢᠵᠠᠭᠠᠷᠯᠠᠨ᠎ᠠ᠃      ᠲᠡᠭᠡᠷᠡᠭᠢ ᠬᠠᠷᠠᠯᠲᠠ  ᠶᠢ ᠪᠡᠶᠡᠯᠡᠬᠦᠯᠬᠦ  ᠳᠤ ᠪᠢᠳᠡ ᠲᠤᠤᠷᠠᠬᠢ ᠭᠡᠳᠦᠨ ᠲᠠᠯ᠎ᠠ  ᠶᠢ ᠰᠠᠶᠢᠲᠤᠷ ᠠᠳᠬᠤᠬᠤ ᠭᠡᠷᠡᠭᠲᠠᠢ᠄      —  ᠲᠦᠷᠦᠯ ᠵᠦᠢᠯ  ᠢᠶᠠᠷ ᠲᠠᠶᠢᠴᠢᠯᠠᠬᠤ  ᠶᠢ ᠡᠷᠴᠢᠮᠵᠢᠬᠦᠯᠦᠨ᠎ᠡ᠃ ᠲᠦᠷᠦᠯ ᠵᠦᠢᠯ  ᠤᠨ ᠪᠠᠶᠢᠭᠤᠯᠤᠯᠲᠠ  ᠶᠢ ᠠᠵᠤ ᠠᠬᠤᠢ  ᠶᠢᠨ ᠪᠦᠲᠦᠴᠡ  ᠶᠢᠨ ᠭᠡᠯᠪᠡᠷᠢ  ᠶᠢ ᠬᠤᠪᠢᠷᠠᠭᠤᠯᠬᠤ ᠴᠢᠬᠤᠯᠠ ᠠᠴᠢᠶᠠᠯᠠᠪᠤᠷᠢ ᠪᠤᠯᠭᠠᠵᠤ᠂ ᠨᠡᠮᠡᠭᠳᠡᠯ  ᠢ ᠪᠠᠲᠤᠯᠠᠨ᠂ ᠪᠦᠲᠦᠴᠡ  ᠶᠢ ᠲᠤᠭᠢᠷᠠᠭᠤᠯᠵᠤ᠂ ᠨᠦᠬᠡᠴᠡᠯᠡᠮᠵᠢ  ᠶᠢ ᠨᠡᠮᠡᠭᠳᠡᠬᠦᠯᠥᠨ᠂ ᠡᠶ᠎ᠡ ᠵᠤᠬᠢᠴᠠᠯ  ᠢ ᠠᠬᠢᠭᠤᠯᠬᠤ ᠴᠢᠬᠤᠯᠠ ᠭᠠᠷᠳᠠᠬᠤ ᠴᠢᠭ ᠪᠤᠯᠭᠠᠨ᠂ ᠴᠢᠬᠤᠯᠠ ᠶᠡᠭᠡ ᠠᠵᠤ ᠦᠢᠯᠡᠰ  ᠤᠨ ᠲᠦᠷᠦᠯ ᠵᠦᠢᠯ  ᠢᠶᠠᠷ ᠲᠡᠭᠡᠳᠦ ᠵᠡᠷᠭᠡ  ᠶᠢᠨ ᠠᠵᠤ ᠦᠢᠯᠡᠰ  ᠤᠨ ᠤᠷᠬᠢᠯ  ᠤᠨ ᠴᠢᠭ  ᠢ  ᠡᠵᠡᠯᠡᠨ ᠠᠪᠬᠤ  ᠪᠠᠷ ᠴᠢᠷᠮᠠᠶᠢᠵᠤ᠂ ᠠᠵᠤ ᠦᠢᠯᠡᠰ  ᠤᠨ ᠬᠡᠯᠬᠢᠶ᠎ᠡ  ᠶᠢ ᠲᠦᠬᠦᠷᠵᠢᠬᠦᠯᠦᠨ ᠤᠷᠳᠤᠳᠬᠠᠵᠤ᠂ ᠠᠵᠣ ᠦᠢᠯᠡᠰ  ᠤᠨ ᠲᠦᠪᠯᠡᠷᠡᠯ ᠪᠠ ᠴᠤᠭᠯᠠᠷᠠᠯ  ᠤᠨ ᠲᠠᠪᠠᠭᠤᠯᠢᠭ  ᠢ ᠪᠤᠢ ᠪᠤᠯᠭᠠᠵᠤ᠂ ᠴᠢᠬᠤᠯᠠ ᠶᠡᠭᠡ ᠰᠠᠭᠤᠷᠢ ᠲᠦᠬᠦᠬᠡᠷᠦᠮᠵᠢ  ᠶᠢᠨ ᠲᠦᠷᠦᠯ ᠵᠦᠢᠯ  ᠢᠶᠠᠷ ᠪᠤᠭᠤᠮᠢ ᠬᠢᠵᠠᠭᠠᠷᠯᠠᠯ  ᠢ ᠡᠪᠳᠡᠨ᠂ ᠭᠠᠵᠠᠷ ᠤᠷᠤᠨ  ᠤ ᠶᠡᠷᠦᠩᠬᠡᠶᠢᠯᠡᠭᠰᠡᠨ ᠪᠠᠲᠤᠯᠠᠭ᠎ᠠ ᠶᠢᠨ ᠴᠢᠳᠠᠪᠤᠷᠢ ᠶᠢ ᠲᠡᠭᠡᠭᠰᠢᠯᠡᠬᠦᠯᠵᠤ᠂ ᠵᠠᠩᠬᠢᠯᠠᠭ᠎ᠠ ᠶᠢᠨ ᠮᠡᠷᠭᠡᠵᠢᠯ  ᠢᠶᠠᠷ ᠲᠦᠷᠦᠯ ᠵᠦᠢᠯ  ᠤᠨ ᠰᠢᠨ᠎ᠡ  ᠶᠢ ᠡᠭᠦᠳᠬᠦ ᠬᠦᠴᠦᠨ ᠵᠦᠢᠯ  ᠢ ᠴᠣᠭᠯᠠᠷᠠᠭᠤᠯᠤᠨ᠂ ᠪᠡᠶ᠎ᠡ  ᠪᠠᠨ ᠲᠠᠭᠠᠭᠠᠵᠤ ᠰᠢᠨ᠎ᠡ  ᠶᠢ ᠡᠬᠦᠳᠭᠦ ᠴᠢᠳᠠᠪᠤᠷᠢ ᠪᠠᠨ ᠴᠢᠩᠭᠠᠳᠬᠠᠵᠤ᠂ ᠠᠷᠠᠳ ᠎ ᠤᠨ ᠠᠮᠢᠲᠤᠷᠠᠯ  ᠤᠨ ᠢᠨᠵᠧᠨᠧᠷᠢᠩ  ᠢᠶᠠᠷ ᠠᠷᠠᠳ ᠲᠦᠮᠡᠨ  ᠢ ᠨᠡᠩ ᠵᠤᠯ ᠵᠢᠷᠭᠠᠯᠲᠠᠢ ᠪᠤᠯᠭᠠᠨ᠂ ᠡᠶ᠎ᠡ ᠵᠤᠬᠢᠴᠠᠯ ᠲᠠᠢ ᠤᠷᠳᠤᠰ  ᠤᠨ ᠪᠠᠶᠢᠭᠤᠯᠤᠯᠲᠠ  ᠶᠢ ᠠᠬᠢᠭᠤᠯᠤᠨ᠎ᠠ᠃      —  ᠠᠵᠤ ᠦᠢᠯᠡᠰ ᠤᠨ ᠲᠠᠬᠢᠨ ᠪᠠᠶᠢᠭᠤᠯᠤᠯᠲᠠ  ᠶᠢ ᠲᠦᠷᠭᠡᠳᠭᠡᠨ᠎ᠡ᠃ ᠣᠳᠣ ᠦᠶ᠎ᠡ  ᠶᠢᠨ ᠠᠵᠤ ᠦᠢᠯᠡᠰ  ᠤᠨ ᠤᠯᠠᠷᠢᠨ ᠬᠤᠪᠢᠷᠠᠬᠤ ᠵᠢᠮ᠎ᠡ ᠬᠠᠤᠯᠢ ᠪᠠ ᠲᠡᠯᠡᠬᠡᠢ  ᠶᠢᠨ ᠲᠡᠭᠡᠳᠦ ᠵᠡᠷᠭᠡ ᠶᠢᠨ ᠠᠵᠤ ᠦᠢᠯᠡᠰ  ᠤᠨ ᠬᠦᠭᠵᠢᠯᠲᠡ  ᠶᠢᠨ ᠪᠠᠶᠢᠳᠠᠯ  ᠢ ᠡᠵᠡᠮᠳᠡᠵᠤ᠂ ᠣᠳᠣ ᠦᠶ᠎ᠡ  ᠶᠢᠨ ᠦᠢᠯᠡᠴᠢᠯᠡᠭᠡᠨ  ᠤ ᠦᠢᠯᠡᠰ ᠪᠠ ᠲᠡᠷᠢᠬᠦᠨ  ᠤ ᠦᠢᠯᠡᠳᠬᠦ ᠦᠢᠯᠡᠰ  ᠢᠶᠠᠷ ᠭᠤᠤᠯ ᠴᠣᠭᠴᠠ ᠪᠤᠯᠭᠠᠭᠰᠠᠨ᠂ ᠰᠢᠨ᠎ᠡ ᠮᠠᠶ᠋ᠢᠭ  ᠤᠨ ᠡᠨᠧᠷᠬᠢ ᠬᠢᠮᠢ  ᠶᠢᠨ ᠠᠵᠤ ᠦᠢᠯᠡᠳᠪᠦᠷᠢ  ᠶᠢᠨ ᠠᠵᠥ ᠦᠢᠯᠡᠰ ᠪᠠ ᠣᠳᠣ ᠦᠶ᠎ᠡ  ᠶᠢᠨ ᠲᠠᠷᠢᠶᠠᠯᠠᠩ ᠮᠠᠯ ᠠᠵᠤ ᠠᠬᠤᠢ  ᠪᠠᠷ ᠰᠠᠭᠤᠷᠢ ᠪᠤᠯᠭᠠᠭᠰᠠᠨ᠂ ᠲᠡᠭᠡᠳᠦ ᠰᠢᠨ᠎ᠡ ᠮᠡᠷᠭᠡᠵᠢᠯ  ᠤᠨ ᠦᠢᠯᠡᠰ  ᠢᠶᠠᠷ ᠬᠦᠳᠦᠯᠦᠮᠵᠢ ᠪᠤᠯᠭᠠᠭᠰᠠᠨ ᠣᠲᠣ ᠦᠶ᠎ᠡ  ᠶᠢᠨ ᠠᠵᠤ ᠦᠢᠯᠡᠰ  ᠤᠨ ᠰᠢᠰᠲ᠋ᠧᠮᠵᠢ  ᠶᠢ ᠲᠦᠷᠭᠡᠭᠡᠨ ᠪᠠᠶᠢᠭᠤᠯᠵᠤ᠂ ᠣᠲᠣ ᠦᠶ᠎ᠡ  ᠶᠢᠨ ᠦᠢᠯᠡᠴᠢᠯᠡᠬᠡᠨ  ᠤ ᠦᠢᠯᠡᠰ᠂ ᠡᠬᠢ ᠪᠠᠶᠠᠯᠢᠭ ᠤᠨ ᠪᠤᠰᠤ ᠴᠢᠨᠠᠷᠲᠠᠢ ᠠᠵᠤ ᠦᠢᠯᠡᠰ ᠪᠠ ᠲᠡᠭᠡᠳᠦ ᠰᠢᠨ᠎ᠡ ᠮᠡᠷᠭᠡᠵᠢᠯ  ᠤᠨ ᠠᠵᠤ ᠦᠢᠯᠡᠰ  ᠤᠨ ᠡᠵᠡᠯᠡᠬᠦ ᠬᠠᠷᠢᠴᠠᠯ  ᠢ ᠴᠢᠨᠠᠭᠰᠢᠲᠠ ᠨᠡᠮᠡᠭᠳᠡᠭᠦᠯᠵᠤ᠂ ᠠᠵᠤ ᠠᠬᠤᠢ ᠎ ᠶᠢᠨ ᠨᠡᠮᠡᠭᠳᠡᠯ  ᠢ ᠬᠤᠶᠠᠳᠤᠭᠠᠷ ᠠᠵᠤ ᠦᠢᠯᠡᠰ  ᠢᠶᠠᠷ ᠲᠠᠶᠢᠴᠢᠯᠠᠬᠤ  ᠪᠠᠷ ᠭᠤᠤᠯ ᠪᠤᠯᠭᠠᠵᠤ ᠪᠠᠶᠢᠭᠰᠠᠨ  ᠠᠴᠠ ᠭᠤᠷᠪᠠᠨ ᠠᠵᠤ ᠦᠢᠯᠡᠰ ᠵᠤᠬᠢᠴᠠᠩᠭᠤᠢ  ᠪᠠᠷ ᠲᠠᠶᠢᠴᠢᠯᠠᠬᠤ ᠵᠦᠭ ᠬᠤᠪᠢᠷᠠᠭᠤᠯᠤᠨ᠎ᠠ᠃      —  ᠬᠦᠴᠦᠨ ᠵᠦᠢᠯ  ᠤᠨ ᠪᠦᠲᠦᠴᠡ  ᠶᠢ ᠰᠢᠯᠢᠳᠡᠭᠵᠢᠬᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ᠂ ᠬᠠᠮᠢᠶᠠᠷᠤᠯᠲᠠ ᠵᠡᠷᠭᠡ ᠨᠡᠶᠢᠬᠡᠮ ᠎ ᠤᠨ ᠡᠬᠢ ᠪᠠᠶᠠᠯᠢᠭ  ᠤᠨ ᠪᠦᠲᠦᠴᠡ ᠶᠢᠨ ᠭᠡᠯᠪᠡᠷᠢ  ᠶᠢ ᠬᠤᠪᠢᠷᠠᠭᠤᠯᠬᠤ ᠳᠠᠬᠢ ᠦᠢᠯᠡᠳᠦᠯ  ᠢ ᠨᠡᠩ ᠢᠯᠠᠬᠦᠤ ᠴᠢᠬᠤᠯᠠᠴᠢᠯᠠᠵᠤ᠂ ᠠᠮᠢᠲᠤᠯᠢᠭ ᠲᠦᠷᠦ  ᠶᠢᠨ ᠪᠤᠳᠤᠯᠭ᠎ᠠ᠂ ᠦᠭᠭᠢᠶᠡᠮᠦᠷ ᠤᠯᠭᠤᠮᠵᠢ ᠬᠦᠷᠳᠡᠭᠡᠮᠵᠢ᠂ ᠦᠷᠭᠡᠨ ᠠᠭᠤᠳᠠᠮ ᠲᠠᠪᠴᠠᠩ  ᠵᠢᠴᠢ ᠶᠡᠭᠡ ᠬᠡᠪᠴᠢᠶᠡᠨ ᠤ ᠲᠦᠪᠯᠡᠷᠡᠯ  ᠢᠶᠠᠷ ᠲᠡᠷᠢᠬᠦᠨ  ᠤ ᠦᠢᠯᠡᠳᠪᠦᠷᠢᠯᠡᠯ ᠤᠨ ᠬᠦᠴᠦᠨ ᠵᠦᠢᠯ  ᠢ ᠲᠠᠳᠠᠨ ᠠᠪᠴᠢᠷᠠᠵᠤ᠂ ᠠᠵᠤ ᠠᠬᠤᠢ ᠶᠢ ᠬᠦᠭᠵᠢᠬᠦᠯᠬᠦ  ᠳᠤ ᠦᠨᠡᠨᠬᠦ ᠰᠢᠨᠵᠢᠯᠡᠬᠦ ᠤᠬᠠᠭᠠᠨ ᠮᠡᠷᠭᠡᠵᠢᠯ ᠤᠨ ᠲᠠᠪᠰᠢᠯᠲᠠ᠂ ᠭᠦᠳᠡᠯᠮᠦᠷᠢᠴᠢᠳ ᠤᠨ ᠭᠡᠪ ᠴᠢᠨᠠᠷ  ᠢ ᠲᠡᠭᠡᠭᠰᠢᠯᠡᠬᠦᠯᠬᠦ ᠪᠠ ᠬᠠᠮᠢᠶᠠᠷᠤᠯᠲᠠ  ᠶᠢᠨ ᠰᠢᠨ᠎ᠡ ᠶᠢ ᠡᠬᠦᠳᠭᠦ  ᠳᠤ ᠲᠦᠰᠢᠭᠯᠡᠵᠤ᠂ ᠰᠢᠨ᠎ᠡ  ᠶᠢ ᠡᠬᠦᠳᠬᠦ ᠮᠠᠶ᠋ᠢᠭ  ᠤᠨ ᠬᠤᠲᠠ  ᠶᠢ ᠪᠠᠶᠢᠭᠤᠯᠤᠨ᠎ᠠ᠃      —  ᠠᠷᠠᠳ  ᠢ ᠪᠠᠶᠠᠵᠢᠭᠤᠯᠬᠤ ᠠᠷᠭ᠎ᠠ ᠮᠠᠶ᠋ᠢᠭ  ᠢᠶᠠᠨ ᠰᠢᠨᠡᠳᠭᠡᠨ᠎ᠡ᠃ ᠦᠭᠡᠷᠡᠴᠢᠯᠡᠯᠲᠡ ᠬᠢᠬᠦ  ᠪᠠᠷ ᠬᠦᠭᠵᠢᠯᠲᠡ  ᠶᠢ ᠠᠬᠢᠭᠤᠯᠬᠤ  ᠶᠢ ᠪᠠᠷᠢᠮᠲᠠᠯᠠᠵᠤ᠂ ᠪᠠᠶᠢᠭᠤᠯᠤᠮᠵᠢ  ᠶᠢᠨ ᠲᠤᠭᠳᠠᠴᠠ ᠶᠢᠨ ᠡᠬᠦᠳᠡᠨ  ᠠᠴᠠ ᠠᠵᠤ ᠦᠢᠯᠡᠰ ᠢ ᠳᠠᠰ ᠲᠡᠪᠰᠢᠬᠦᠯᠬᠦ᠂ ᠬᠤᠲᠠ ᠭᠦᠳᠡᠭᠡ  ᠶᠢ ᠨᠢᠬᠡᠳᠦᠯᠲᠠᠢ ᠲᠦᠯᠦᠪᠯᠡᠬᠦ ᠵᠡᠷᠭᠡ ᠴᠢᠬᠤᠯᠠ ᠶᠡᠭᠡ ᠠᠰᠠᠭᠤᠳᠠᠯ  ᠤᠳ ᠢ ᠰᠢᠢᠳᠪᠦᠷᠢᠯᠡᠵᠤ᠂ ᠬᠦᠭᠵᠢᠯᠲᠡ ᠶᠢᠨ ᠡᠶ᠎ᠡ ᠵᠤᠬᠢᠴᠠᠯᠲᠤ ᠴᠢᠨᠠᠷ᠂ ᠦᠷᠭᠦᠯᠵᠢᠯᠡᠭᠰᠡᠨ ᠴᠢᠨᠠᠷ ᠪᠠ ᠲᠦᠬᠡᠮᠡᠯ ᠬᠠᠷᠠᠭᠠᠯᠵᠠᠲᠤ ᠴᠢᠨᠠᠷ ᠢ ᠲᠠᠰᠣᠷᠠᠯᠲᠠ ᠦᠬᠡᠢ ᠴᠢᠩᠭᠠᠳᠬᠠᠨ᠎ᠠ᠃ ᠠᠵᠤ ᠦᠢᠯᠡᠰ  ᠢᠶᠠᠷ ᠠᠷᠠᠳ ᠢ ᠪᠠᠶᠠᠵᠢᠭᠤᠯᠬᠤ ᠪᠠ ᠲᠦᠷᠦ  ᠶᠢᠨ ᠪᠤᠳᠤᠯᠭ᠎ᠠ ᠪᠠᠷ ᠠᠷᠠᠳ ᠢ ᠪᠠᠶᠠᠵᠢᠭᠤᠯᠬᠤ  ᠶᠢ ᠬᠠᠷᠢᠯᠴᠠᠨ ᠤᠶᠠᠯᠳᠤᠭᠤᠯᠵᠤ᠂ ᠲᠤᠮᠳᠠ ᠵᠢᠵᠢᠭ ᠠᠵᠤ ᠠᠬᠤᠶᠢᠯᠠᠯ  ᠤᠨ ᠬᠦᠭᠵᠢᠯᠲᠡ  ᠶᠢ ᠲᠡᠮᠵᠢᠨ ᠲᠡᠳᠬᠦᠬᠦ  ᠶᠢ ᠠᠵᠤ ᠦᠢᠯᠡᠰ  ᠢᠶᠠᠷ ᠠᠷᠠᠳ  ᠢ ᠪᠠᠶᠠᠵᠢᠭᠤᠯᠬᠤ ᠰᠠᠭᠤᠷᠢ  ᠢᠨᠵᠧᠨᠧᠷᠢᠩ ᠪᠤᠯᠭᠠᠵᠤ᠂ ᠲᠤᠮᠳᠠ ᠵᠢᠵᠢᠭ ᠠᠵᠤ ᠠᠬᠤᠶᠢᠯᠠᠯ ᠤᠨ ᠨᠡᠩ ᠤᠯᠠᠨ ᠬᠦᠳᠡᠯᠮᠦᠷᠢᠴᠢᠳ  ᠢ ᠰᠢᠩᠬᠡᠬᠡᠨ ᠠᠪᠬᠤ  ᠶᠢ ᠵᠤᠷᠢᠭᠵᠢᠭᠤᠯᠵᠤ᠂ ᠦᠷᠭᠡᠨ ᠤᠯᠠᠨ ᠬᠤᠲᠠ  ᠶᠢᠨ ᠠᠷᠠᠳ ᠨᠡᠩ ᠤᠯᠠᠨ ᠦᠢᠯᠡᠰ ᠪᠤᠰᠬᠠᠭᠴᠢᠳ ᠪᠤᠯᠬᠤ  ᠶᠢ ᠤᠷᠮᠠᠰᠢᠭᠤᠯᠤᠨ᠂ ᠦᠢᠯᠡᠰ ᠪᠤᠰᠬᠠᠬᠤ  ᠪᠠᠷ ᠠᠵᠢᠯ ᠤᠯᠭᠤᠯᠲᠠ  ᠶᠢ ᠠᠬᠢᠭᠤᠯᠵᠤ᠂ ᠠᠵᠢᠯ ᠤᠯᠭᠤᠯᠲᠠ  ᠪᠠᠷ ᠤᠷᠤᠯᠭ᠎ᠠ  ᠶᠢᠨ ᠨᠡᠮᠡᠭᠳᠡᠯ ᠢ ᠠᠬᠢᠭᠤᠯᠤᠨ᠎ᠠ᠃      ᠡᠨᠡ ᠵᠢᠯ᠂ ᠬᠤᠲᠠ  ᠶᠢᠨ ᠠᠷᠠᠳ  ᠤᠨ ᠵᠠᠰᠠᠭ  ᠤᠨ ᠤᠷᠳᠤᠨ ᠭᠤᠤᠯᠳᠠᠭᠤ ᠶᠢᠰᠦᠨ ᠲᠠᠯ᠎ᠠ  ᠶᠢᠨ ᠠᠵᠢᠯ  ᠢ ᠲᠦᠯᠬᠢᠨ ᠠᠬᠢᠭᠤᠯᠤᠨ᠎ᠠ᠄      ︵ᠨᠢᠬᠡ︶ ᠣᠯᠣᠰ ᠪᠠ ᠦᠪᠡᠷᠳᠡᠭᠡᠨ ᠵᠠᠰᠠᠬᠤ ᠤᠷᠤᠨ  ᠤ ᠠᠯᠢ ᠤᠯᠠᠨ ᠲᠦᠷᠦ  ᠶᠢᠨ ᠪᠤᠳᠤᠯᠭ᠎ᠠ  ᠶᠢ ᠢᠳᠡᠪᠬᠢᠲᠠᠢ ᠲᠤᠤᠱᠯᠠᠭᠤᠯᠤᠨ ᠨᠠᠶᠢᠲᠠᠪᠤᠷᠢᠵᠢᠭᠤᠯᠵᠤ ᠂ ᠠᠵᠤ ᠠᠬᠤᠢ  ᠶᠢᠨ ᠲᠤᠭᠳᠠᠭᠤᠨ ᠮᠦᠷᠳᠡᠬᠡᠨ ᠲᠦᠷᠬᠡᠨ ᠨᠡᠮᠡᠭᠳᠡᠬᠦ ᠶᠢ ᠪᠦᠬᠦ ᠬᠦᠴᠦᠨ  ᠢᠶᠠᠷ ᠪᠠᠲᠤᠯᠠᠨ᠎ᠠ᠃ ᠤᠯᠤᠰ  ᠤᠨ ᠲᠤᠳᠤᠭᠠᠲᠤ ᠭᠡᠷᠡᠭᠴᠡᠭᠡ  ᠶᠢ ᠦᠷᠭᠡᠳᠭᠡᠭᠦ ᠲᠦᠷᠦ  ᠶᠢᠨ ᠪᠤᠳᠤᠯᠭ᠎ᠠ  ᠶᠢᠨ ᠲᠠᠪᠠᠭᠤᠯᠢᠭ  ᠢ ᠮᠠᠨ ᠤ ᠬᠤᠲᠠ ᠶᠢᠨ ᠡᠯ᠎ᠡ ᠵᠦᠢᠯ ᠤᠨ ᠠᠷᠭᠠᠴᠠᠬᠤ ᠠᠷᠭ᠎ᠠ ᠭᠡᠮᠵᠢᠶ᠎ᠡ ᠯᠦᠭᠡ ᠨᠢᠭᠲᠠ ᠤᠶᠠᠯᠳᠤᠭᠤᠯᠵᠤ᠂ ᠦᠰᠦᠯᠲᠡ  ᠶᠢ ᠪᠠᠲᠤᠯᠠᠬᠤ ᠬᠦᠴᠦᠷᠭᠡᠭ ᠶᠡᠭᠡ  ᠨᠢᠭᠲᠠᠷᠠᠯ  ᠤᠨ ᠬᠦᠴᠦᠨ ᠪᠠ ᠪᠤᠲᠠᠲᠤ ᠦᠢᠯᠡᠳᠦᠯ  ᠢ ᠲᠦᠷᠭᠡᠭᠡᠨ ᠪᠤᠢ ᠪᠤᠯᠭᠠᠨ᠎ᠠ᠃      ᠲᠦᠷᠦᠯ ᠵᠦᠢᠯ  ᠢ ᠠᠳᠬᠤᠨ᠂ ᠠᠵᠤ ᠠᠬᠤᠢ  ᠶᠢᠨ ᠰᠢᠨ᠎ᠡ ᠨᠡᠮᠡᠭᠳᠡᠯ ᠴᠢᠭ  ᠢ ᠪᠤᠶᠢᠵᠢᠭᠤᠯᠤᠨ᠎ᠠ᠃ ᠬᠤᠲᠠ  ᠶᠢᠨ ᠨᠠᠮ  ᠤᠨ ᠬᠤᠷᠢᠶ᠎ᠠ᠂ ᠵᠠᠰᠠᠭ  ᠤᠨ ᠤᠷᠳᠤᠨ  ᠠᠴᠠ 2009 ᠣᠨ  ᠢ ᠪᠦᠬᠦ ᠬᠤᠲᠠ  ᠶᠢᠨ ᠲᠦᠷᠦᠯ ᠵᠦᠢᠯ  ᠤᠨ ᠪᠠᠶᠢᠭᠤᠯᠤᠯᠲᠠ  ᠶᠢᠨ ᠤᠨ  ᠢᠶᠠᠷ ᠲᠤᠭᠳᠠᠭᠠᠵᠤ᠂ ᠶᠡᠷᠦᠩᠬᠡᠶᠢᠯᠡᠨ ᠵᠤᠬᠢᠴᠠᠬᠤ ᠪᠠ ᠎ ᠲᠠᠭᠠᠨ ᠦᠢᠯᠡᠴᠢᠯᠡᠬᠦ  ᠪᠠᠨ ᠴᠢᠩᠭᠠᠳᠬᠠᠵᠤ᠂ ᠤᠳᠤᠷᠢᠳᠬᠤ ᠬᠦᠴᠦᠨ ᠪᠠ ᠬᠠᠷᠢᠭᠤᠴᠠᠯᠭ᠎ᠠ  ᠶᠢᠨ ᠨᠠᠶᠢᠲᠠᠪᠤᠷᠢᠵᠢᠭᠤᠯᠤᠯᠲᠠ  ᠶᠢ ᠡᠷᠴᠢᠮᠵᠢᠬᠦᠯᠵᠤ᠂ ᠵᠠᠭᠤᠨ 10 ᠳ᠋ᠦᠩᠰᠢᠭᠤᠷ ᠲᠦᠬᠦᠷᠢᠭ  ᠠᠴᠠ ᠲᠡᠭᠡᠭᠰᠢᠬᠢ ᠴᠢᠬᠤᠯᠠ ᠶᠡᠭᠡ ᠲᠦᠷᠦᠯ ᠵᠦᠢᠯ  ᠤᠨ ᠪᠠᠶᠢᠭᠤᠯᠤᠯᠲᠠ  ᠶᠢ ᠪᠦᠬᠦ ᠬᠦᠴᠦᠨ  ᠢᠶᠠᠷ ᠰᠠᠶᠢᠲᠤᠷ ᠠᠳᠬᠤᠵᠤ᠂ ᠠᠵᠤ ᠦᠢᠯᠡᠳᠪᠦᠷᠢ  ᠶᠢᠨ ᠪᠡᠯᠡ ᠤᠷᠤᠭᠤᠯᠤᠯᠲᠠ 1000 ᠳ᠋ᠦᠩᠰᠢᠭᠤᠷ ᠲᠦᠭᠦᠷᠢᠭ  ᠢ ᠲᠠᠪᠠᠭ᠋ᠤ  ᠶᠢ ᠪᠠᠲᠤᠯᠠᠵᠤ᠂ ᠠᠵᠤ ᠠᠬᠤᠢ  ᠶᠢᠨ ᠨᠡᠮᠡᠭᠳᠡᠯ  ᠤᠨ ᠪᠤᠲᠠᠲᠤ ᠲᠠᠶᠢᠴᠢᠯᠠᠬᠤ ᠬᠦᠴᠦᠨ  ᠢ ᠲᠦᠷᠭᠡᠭᠡᠨ ᠪᠤᠢ ᠪᠤᠯᠭᠠᠨ᠎ᠠ᠃ ᠤᠯᠤᠰ ᠤᠨ ᠵᠢᠬᠡᠯᠡᠯᠭᠡ ᠵᠢᠴᠢ ᠡᠯ᠎ᠡ ᠵᠦᠢᠯ  ᠤᠨ ᠲᠤᠰᠬᠠᠢ ᠲᠦᠷᠦᠯ  ᠤᠨ ᠪᠦᠲᠦᠬᠡᠨ ᠪᠠᠶᠢᠭᠤᠯᠤᠯᠲᠠ ᠎ ᠶᠢᠨ ᠪᠡᠯᠡ ᠮᠦᠩᠬᠦ  ᠶᠢ ᠤᠯᠬᠤ  ᠪᠠᠷ ᠢᠳᠡᠪᠬᠢᠲᠠᠢ ᠴᠢᠷᠮᠠᠶᠢᠵᠤ᠂ ᠤᠯᠤᠰ ᠪᠠ ᠦᠪᠡᠷᠳᠡᠭᠡᠨ ᠵᠠᠰᠠᠬᠤ ᠤᠷᠤᠨ  ᠤ ᠨᠡᠩ ᠤᠯᠠᠨ ᠲᠦᠷᠦᠯ ᠵᠦᠢᠯ ᠪᠠ ᠪᠡᠯᠡ ᠮᠦᠩᠬᠦᠨ  ᠤ ᠲᠡᠮᠵᠢᠯᠬᠡ ᠶᠢ ᠤᠯᠬᠤ  ᠪᠠᠷ ᠴᠢᠷᠮᠠᠶᠢᠨ᠎ᠠ᠃ ᠮᠦᠩᠬᠦᠨ ᠬᠦᠢᠯᠬᠡᠬᠡᠨ  ᠤ ᠪᠠᠶᠢᠭᠤᠯᠤᠮᠵᠢ ᠯᠤᠭ᠎ᠠ  ᠶᠢᠨ ᠬᠠᠮᠲᠤᠷᠠᠭᠰᠠᠨ ᠠᠵᠢᠯᠯᠠᠭ᠎ᠠ  ᠪᠠᠨ ᠴᠢᠩᠭᠠᠳᠬᠠᠵᠤ᠂ ᠤᠯᠤᠰ  ᠤᠨ ᠨᠡᠭᠡᠭᠡᠯᠲᠡ ᠶᠢᠨ ᠪᠠᠩᠬᠢ᠂ ᠫᠦ᠋ ᠳ᠋ᠦᠩ ᠨᠡᠬᠡᠬᠡᠯᠲᠡ  ᠶᠢᠨ ᠪᠠᠩᠬᠢ᠂ ᠲᠤᠮᠳᠠᠳᠣ ᠣᠯᠣᠰ  ᠤᠨ ᠮᠦᠩᠬᠦᠨ ᠬᠦᠢᠯᠭᠡᠭᠡᠨ  ᠤ ᠢᠳᠡᠭᠡᠮᠵᠢᠲᠦ ᠨᠠᠶᠢᠲᠠᠯᠭ᠎ᠠ ᠯᠤᠭ᠎ᠠ  ᠶᠢᠨ ᠢᠳᠡᠭᠡᠮᠵᠢᠲᠦ ᠬᠡᠯᠡᠯᠴᠡᠭᠡᠷ  ᠢ ᠲᠠᠭᠠᠨ ᠨᠠᠶᠢᠲᠠᠪᠤᠷᠢᠵᠢᠭᠤᠯᠵᠤ᠂ ᠰᠢᠨ᠎ᠡ  ᠪᠠᠷ ᠨᠡᠮᠡᠭᠳᠡᠭᠰᠡᠨ ᠢᠳᠡᠭᠡᠮᠵᠢᠲᠦ ᠵᠢᠬᠡᠯᠡᠯᠬᠡ  ᠶᠢᠨ ᠭᠡᠪᠴᠢᠶ᠎ᠡ 100 ᠳ᠋ᠦᠩᠰᠢᠭᠤᠷ ᠲᠦᠬᠦᠷᠢᠭ  ᠠᠴᠠ ᠲᠡᠭᠡᠭᠰᠢ ᠪᠠᠶᠢᠬᠤ  ᠶᠢ ᠪᠠᠲᠤᠯᠠᠨ᠎ᠠ᠃ ᠤᠷᠤᠨ ᠨᠤᠳᠤᠭ  ᠤᠨ ᠬᠤᠳᠠᠯᠳᠤᠭᠠᠨ ᠤ ᠪᠠᠩᠬᠢ ᠬᠦᠭᠵᠢᠨ ᠪᠤᠵᠠᠭᠠᠶᠢᠷᠠᠬᠤ  ᠶᠢ ᠢᠳᠡᠪᠬᠢᠲᠠᠢ ᠲᠡᠮᠵᠢᠵᠤ᠂ ᠢᠳᠡᠭᠡᠮᠵᠢᠲᠦ ᠵᠢᠬᠡᠯᠡᠯᠭᠡ ᠶᠢᠨ ᠪᠡᠯᠡ ᠨᠡᠶᠢᠯᠡᠬᠦᠯᠬᠦ ᠬᠦᠴᠦᠨ  ᠢ ᠴᠢᠩᠭᠠᠳᠬᠠᠨ᠎ᠠ᠃ ᠴᠢᠯᠦᠬᠡᠲᠠᠢ ᠪᠠᠶᠢᠯᠭᠠᠬᠤ  ᠪᠠᠷ ᠪᠡᠯᠡ ᠤᠷᠤᠭᠤᠯᠤᠯᠲᠠ  ᠶᠢ ᠠᠬᠢᠭᠤᠯᠬᠤ  ᠶᠢ ᠪᠠᠷᠢᠮᠲᠠᠯᠠᠵᠤ᠂ ᠬᠤᠳᠠᠯᠳᠤᠭᠠᠴᠢᠨ ᠤᠷᠢᠵᠤ ᠪᠡᠯᠡ ᠲᠠᠳᠠᠬᠤ ᠡᠷᠴᠢᠮ ᠢᠶᠠᠨ ᠴᠢᠨᠠᠭᠰᠢᠲᠠ ᠴᠢᠩᠭᠠᠷᠠᠭᠤᠯᠵᠤ᠂ ᠵᠢᠯ  ᠤᠨ ᠲᠤᠳᠤᠷ᠎ᠠ ᠣᠯᠣᠰ  ᠤᠨ ᠲᠤᠳᠤᠭᠠᠲᠤ ︵ᠤᠷᠤᠨ  ᠤ ᠭᠠᠳᠠᠨᠠᠬᠢ︶ ᠎ ᠶᠢᠨ ᠪᠡᠯᠡ ᠮᠦᠩᠬᠦ  ᠶᠢ 400 ᠳ᠋ᠦᠩᠰᠢᠭᠤᠷ ᠲᠦᠬᠦᠷᠢᠭ᠂ ᠭᠠᠳᠠᠭᠠᠲᠤ ᠪᠡᠯᠡ  ᠶᠢ 9.2 ᠳ᠋ᠦᠩᠰᠢᠭᠤᠷ ᠳ᠋ᠣᠯᠯᠠᠷ ᠪᠤᠲᠠᠲᠠᠢ ᠠᠰᠢᠭᠯᠠᠬᠤ  ᠪᠠᠷ ᠴᠢᠷᠮᠠᠶᠢᠨ᠎ᠠ᠃ ᠨᠡᠶᠢᠬᠡᠮ  ᠤᠨ ᠪᠡᠯᠡ ᠤᠷᠤᠭᠤᠯᠤᠯᠲᠠ  ᠶᠢ ᠤᠷᠮᠠᠰᠢᠭᠤᠯᠤᠨ ᠬᠦᠳᠦᠯᠬᠦ ᠬᠠᠷᠠᠭᠠᠯᠵᠠᠯ  ᠤᠨ ᠲᠦᠷᠦ ᠎ ᠶᠢᠨ ᠪᠤᠳᠤᠯᠭ᠎ᠠ  ᠶᠢ ᠲᠤᠭᠳᠠᠭᠠᠨ ᠨᠡᠶᠢᠲᠡᠯᠡᠵᠤ᠂ ᠠᠷᠠᠳ  ᠤᠨ ᠬᠦᠷᠦᠩᠬᠡ  ᠶᠢ ᠢᠳᠡᠪᠬᠢᠵᠢᠬᠦᠯᠵᠤ᠂ ᠪᠦᠬᠦ ᠵᠢᠯ  ᠳᠤ ᠠᠷᠠᠳ  ᠤᠨ ᠬᠦᠷᠦᠩᠬᠡ  ᠶᠢᠨ ᠪᠡᠯᠡ ᠤᠷᠤᠭᠤᠯᠤᠯᠲᠠ ᠪᠦᠬᠦ ᠨᠡᠶᠢᠬᠡᠮ  ᠤᠨ ᠪᠡᠯᠡ ᠤᠷᠤᠭᠤᠯᠤᠯᠲᠠ ᠶᠢᠨ ᠪᠦᠬᠦ ᠲᠤᠭᠠᠨ ᠤ 65%᠎ ᠠᠴᠠ ᠲᠡᠬᠡᠭᠰᠢ ᠡᠵᠡᠯᠡᠭᠰᠡᠨ ᠪᠠᠶᠢᠬᠤ ᠶᠢ ᠪᠡᠶᠡᠯᠡᠬᠦᠯᠬᠦ ᠪᠠᠷ ᠴᠢᠷᠮᠠᠶᠢᠨ᠎ᠠ᠃ ᠪᠡᠯᠡ ᠤᠷᠤᠭᠤᠯᠤᠯᠲᠠ  ᠶᠢᠨ ᠪᠦᠲᠦᠴᠡ  ᠶᠢ ᠴᠢᠨᠠᠭᠰᠢᠲᠠ ᠰᠢᠯᠢᠳᠡᠭᠵᠢᠬᠦᠯᠵᠤ᠂ ᠵᠠᠰᠠᠭ  ᠤᠨ ᠤᠷᠳᠤᠨ  ᠤ ᠪᠡᠯᠡ ᠮᠦᠩᠬᠦᠨ ᠤ ᠭᠦᠲᠦᠯᠦᠨ ᠵᠢᠯᠤᠭᠤᠳᠬᠤ ᠦᠢᠯᠡᠳᠦᠯ  ᠢ ᠬᠦᠢᠴᠡᠳ ᠪᠠᠳᠠᠷᠠᠭᠤᠯᠵᠤ᠂ ᠨᠡᠩ ᠤᠯᠠᠨ ᠪᠡᠯᠡ ᠮᠦᠩᠬᠦ  ᠶᠢ ᠪᠦᠲᠦᠴᠡ  ᠶᠢᠨ ᠭᠡᠯᠪᠡᠷᠢ  ᠶᠢ ᠬᠤᠪᠢᠷᠠᠭᠤᠯᠬᠤ᠂ ᠬᠤᠲᠠ ᠭᠦᠳᠡᠭᠡ  ᠶᠢ ᠨᠢᠬᠡᠳᠦᠯᠲᠠᠢ ᠲᠦᠯᠦᠪᠯᠡᠬᠦ᠂ ᠰᠠᠭᠤᠷᠢ ᠲᠦᠬᠦᠬᠡᠷᠦᠮᠵᠢ  ᠶᠢᠨ ᠪᠠᠶᠢᠭᠤᠯᠣᠯᠲᠠ ᠪᠠ ᠴᠢᠬᠤᠯᠠ ᠶᠡᠭᠡ ᠠᠷᠠᠳ  ᠤᠨ ᠠᠮᠢᠲᠤᠷᠠᠯ  ᠤᠨ ᠢᠨᠵᠧᠨᠧᠷᠢᠩ ᠵᠡᠷᠭᠡ ᠭᠦᠷᠢᠶ᠎ᠡ ᠭᠡᠪᠴᠢᠶᠡᠨ  ᠳᠤ ᠬᠦᠲᠦᠯᠦᠨ ᠤᠷᠤᠭᠤᠯᠵᠤ᠂ ᠡᠳᠡᠭᠡᠷ ᠲᠠᠯ᠎ᠠ ᠶᠢᠨ ᠪᠡᠯᠡ ᠤᠷᠤᠭᠤᠯᠤᠯᠲᠠ ᠶᠡᠭᠡ ᠬᠡᠮᠵᠢᠶᠡᠨ  ᠤ ᠨᠡᠮᠡᠭᠳᠡᠯ ᠲᠠᠢ ᠪᠤᠯᠬᠤ  ᠶᠢ ᠪᠠᠲᠤᠯᠠᠨ᠎ᠠ᠃      ᠠᠵᠤ ᠠᠬᠤᠶᠢᠯᠠᠯ  ᠢ ᠲᠡᠮᠵᠢᠵᠤ᠂ ᠠᠵᠤ ᠠᠬᠤᠢ  ᠶᠢᠨ ᠬᠦᠭᠵᠢᠯᠲᠡ  ᠶᠢᠨ ᠠᠮᠢᠵᠢᠷᠠᠯ  ᠤᠨ ᠬᠦᠴᠦᠨ  ᠢ ᠬᠠᠳᠠᠭᠠᠯᠠᠨ᠎ᠠ᠃ ᠴᠢᠮᠡᠭᠡ ᠵᠠᠩᠬᠢ ᠪᠤᠯᠤᠨ ᠵᠠᠬ᠎ᠠ ᠲᠡᠯᠬᠡᠬᠦᠷ  ᠢ ᠢᠯᠡᠬᠦᠬᠡᠨ ᠠᠩᠬᠠᠷᠴᠦ᠂ ᠨᠡᠷᠡᠳᠣ ᠳᠡᠮᠳᠡᠭᠳᠣ ᠶᠢ ᠡᠬᠦᠳᠣᠨ᠂ ᠪᠤᠷᠤᠯᠠᠭᠤᠯᠬᠤ ᠵᠠᠮ ᠮᠦᠷ ᠢᠶᠠᠨ ᠦᠷᠭᠡᠳᠭᠡᠵᠤ᠂ ᠬᠤᠲᠠ  ᠶᠢᠨ ᠲᠤᠳᠤᠷᠠᠬᠢ ᠠᠵᠤ ᠠᠬᠤᠶᠢᠯᠠᠯ  ᠢ ᠢᠳᠡᠪᠬᠢᠲᠠᠢ ᠬᠠᠪᠰᠤᠷᠤᠨ ᠭᠤᠤᠯ ᠭᠡᠷᠡᠭᠯᠡᠭᠡᠨ  ᠤ ᠭᠠᠵᠠᠷ ᠤᠷᠤᠨ ᠪᠠ ᠨᠢᠬᠡᠴᠡ ᠲᠠᠢ ᠵᠤᠯᠭᠠᠭᠤᠯᠵᠤ᠂ ᠬᠤᠶᠠᠷ ᠡᠳᠡᠭᠡᠳ  ᠤᠨ ᠠᠷᠠᠯᠵᠢᠶ᠎ᠠ᠂ ᠤᠯᠠᠨ ᠳᠠᠯ᠎ᠠ  ᠶᠢᠨ ᠠᠷᠠᠯᠵᠢᠶ᠎ᠠ᠂ ᠦᠢᠯᠡᠳᠬᠦᠨ  ᠢ ᠲᠡᠩᠴᠡᠬᠦᠤ ᠦᠷᠳᠡᠭ  ᠢᠶᠠᠷ ᠰᠣᠯᠢᠯᠴᠠᠬᠤ᠂ ᠦᠢᠯᠡᠳᠬᠦᠨ ᠬᠢᠬᠡᠳ ᠪᠤᠰᠤᠳ ᠦᠢᠯᠡᠳᠪᠦᠷᠢᠯᠡᠯ  ᠤᠨ ᠬᠦᠴᠦᠨ ᠵᠦᠢᠯ ᠎ ᠢ ᠬᠤᠭᠤᠷᠤᠨᠳᠤ ᠨᠢ ᠲᠡᠩᠴᠡᠭᠦᠤ ᠦᠷᠳᠡᠭ  ᠢᠶᠠᠷ ᠰᠣᠯᠢᠯᠴᠠᠵᠤ᠂ ᠠᠯᠢ ᠪᠤᠯᠬᠤ  ᠶᠢᠨ ᠲᠤᠳᠤᠷ᠎ᠠ ᠦᠢᠯᠡᠳᠬᠦᠨ  ᠤ ᠪᠤᠷᠤᠯᠠᠭᠤᠯᠤᠯᠲᠠ  ᠶᠢᠨ ᠬᠦᠷᠢᠶ᠎ᠡ ᠬᠡᠪᠴᠢᠶ᠎ᠡ ᠎ ᠶᠢ ᠦᠷᠭᠡᠳᠭᠡᠵᠤ᠂ ᠨᠡᠬᠦᠷᠡᠰᠦ ᠵᠡᠷᠭᠡ ᠪᠦᠬᠡᠮ ᠦᠢᠯᠡᠳᠬᠦᠨ  ᠤ ᠦᠨ᠎ᠡ ᠬᠠᠩᠰᠢ ᠶᠢ ᠲᠤᠭᠳᠠᠪᠤᠷᠢᠵᠢᠭᠤᠯᠤᠨ᠎ᠠ᠃ ᠱᠠᠨᠳᠦ᠋ᠩ ᠾᠧᠪᠸᠢ ᠵᠡᠷᠭᠡ ᠡᠨᠧᠷᠬᠢ  ᠶᠢᠨ ᠬᠡᠷᠡᠭᠯᠡᠭᠡᠨ  ᠤ ᠲᠤᠮᠤ ᠤᠷᠤᠨ ᠯᠤᠭ᠎ᠠ ᠰᠠᠨᠠᠭᠠᠴᠢᠯᠠᠭ᠎ᠠ ᠠᠴᠠ ᠪᠠᠨ ᠬᠠᠮᠲᠤᠷᠠᠨ ᠠᠵᠢᠯᠯᠠᠵᠤ᠂ ᠰᠢᠨ᠎ᠡ ᠭᠡᠷᠡᠭᠯᠡᠭᠡᠨ  ᠤ ᠵᠠᠬ᠎ᠠ ᠲᠡᠯᠬᠡᠭᠦᠷ  ᠢ ᠪᠤᠶᠢᠵᠢᠭᠤᠯᠤᠨ᠎ᠠ︔ ᠪᠤᠭᠤᠲᠤ  ᠶᠢᠨ ᠪᠤᠯᠤᠳ ᠲᠡᠮᠦᠷ ᠵᠢᠴᠢ ᠮᠠᠨ  ᠤ ᠬᠤᠲᠠ  ᠳᠤ ᠪᠡᠯᠡ ᠤᠷᠤᠭᠤᠯᠤᠭᠰᠠᠨ ᠲᠤᠮᠤ ᠭᠡᠯᠪᠡᠷᠢ  ᠶᠢᠨ ᠠᠵᠤ ᠠᠬᠤᠶᠢᠯᠠᠯ  ᠤᠨ ᠪᠦᠯᠦᠭᠯᠡᠯ ᠯᠦᠭᠡ  ᠶᠢᠨ ᠬᠠᠮᠲᠤᠷᠠᠭᠰᠠᠨ ᠠᠵᠢᠯᠯᠠᠭ᠎ᠠ  ᠶᠢ ᠦᠷᠭᠦᠯᠵᠢᠯᠡᠨ ᠲᠦᠯᠬᠢᠨ ᠠᠬᠢᠭᠤᠯᠵᠤ᠂ ᠮᠠᠨ  ᠤ ᠬᠤᠲᠠ  ᠶᠢᠨ ᠴᠠᠭᠢᠭᠤᠷᠲᠤ ᠲᠡᠮᠦᠷ᠂ ᠲᠡᠮᠦᠷ  ᠤᠨ ᠬᠠᠶᠢᠯᠤᠰᠢ  ᠶᠢᠨ ᠪᠤᠷᠤᠯᠠᠭᠤᠯᠤᠯᠲᠠ  ᠶᠢᠨ ᠬᠡᠮᠵᠢᠶ᠎ᠡ  ᠶᠢ ᠨᠡᠮᠡᠭᠳᠡᠭᠦᠯᠵᠤ᠂ ᠴᠠᠬᠢᠯᠭᠠᠨ ᠬᠦᠴᠦᠨ  ᠤ ᠲᠠᠭᠠᠭᠠᠴᠠ  ᠶᠢ ᠨᠡᠮᠡᠭᠳᠡᠭᠦᠯᠦᠨ᠂ ᠨᠡᠩ ᠤᠯᠠᠨ ᠠᠵᠤ ᠠᠬᠤᠶᠢᠯᠠᠯ  ᠢ ᠬᠦᠴᠢᠷᠳᠡᠯ

        365提款成功但是不到账_365bet官网娱_aa365备用网址

        ᠎ ᠠᠴᠠ ᠮᠤᠯᠳᠤᠷᠠᠭᠤᠯᠤᠨ ᠦᠢᠯᠡᠳᠪᠦᠷᠢᠯᠡᠯ  ᠢ ᠰᠡᠷᠭᠦᠭᠡᠨ᠎ᠡ᠃ ᠠᠵᠤ ᠠᠬᠤᠶᠢᠯᠠᠯ  ᠤᠨ ᠲᠠᠷᠤᠭᠠᠰᠣ  ᠶᠢ ᠬᠦᠩᠭᠡᠷᠡᠭᠦᠯᠵᠤ᠂ ᠭᠠᠶᠢᠯᠢ  ᠶᠢᠨ ᠰᠦᠢᠳᠭᠡᠯ  ᠢ ᠬᠠᠰᠣᠵᠣ ᠬᠡᠯᠳᠦᠷᠢᠬᠦᠯᠬᠦ᠂ ᠴᠠᠬᠢᠯᠭᠠᠨ ᠤ ᠦᠨ᠎ᠡ ᠬᠠᠩᠰᠢ  ᠶᠢ ᠪᠠᠭᠤᠷᠠᠭᠤᠯᠬᠤ᠂ ᠨᠡᠶᠢᠬᠡᠮ  ᠤᠨ ᠲᠠᠭᠠᠳᠬᠠᠯ ᠪᠠ ᠬᠦᠳᠡᠯᠮᠦᠷᠢ ᠨᠢᠭᠲᠠᠷᠠᠭᠰᠠᠨ ᠬᠡᠯᠪᠡᠷᠢ  ᠶᠢᠨ ᠠᠵᠤ ᠠᠬᠤᠶᠢᠯᠠᠯ ᠎ ᠤᠨ ᠲᠠᠷᠢᠶᠠᠴᠢᠨ ᠬᠦᠴᠦ ᠶᠠᠪᠤᠭᠰᠠᠳ  ᠤᠨ ᠨᠠᠰᠣᠵᠢᠯ  ᠤᠨ ᠮᠦᠩᠬᠦ ᠲᠤᠰᠢᠶᠠᠬᠤ ᠪᠠᠷᠢᠮᠵᠢᠶ᠎ᠠ  ᠶᠢ  ᠲᠤᠷᠤᠭᠰᠢᠯᠠᠭᠤᠯᠬᠤ ᠵᠡᠷᠭᠡ ᠲᠦᠷᠦ  ᠶᠢᠨ ᠪᠤᠳᠤᠯᠭ᠎ᠠ  ᠶᠢ ᠲᠡᠷᠡ ᠶᠤᠰᠤᠭᠠᠷ ᠨᠠᠶᠢᠲᠠᠪᠤᠷᠢᠵᠢᠭᠤᠯᠤᠭᠰᠠᠨ  ᠤ ᠰᠠᠭᠤᠷᠢᠨ ᠲᠡᠭᠡᠷ᠎ᠡ ᠮᠦᠩᠬᠦᠨ ᠬᠦᠢᠯᠬᠡᠬᠡᠨ  ᠤ ᠰᠠᠯᠠᠭ᠎ᠠ ᠮᠦᠴᠢᠷ ᠲᠠᠢ ᠵᠤᠬᠢᠴᠠᠯᠲᠤᠨ ᠵᠢᠬᠡᠯᠡᠯᠭᠡ ᠶᠢᠨ ᠲᠡᠮᠵᠢᠯᠬᠡ ᠦᠵᠡᠬᠦᠯᠬᠦ  ᠪᠠᠨ ᠴᠢᠩᠭᠠᠳᠬᠠᠵᠤ᠂ ᠲᠡᠮᠦᠷ  ᠵᠠᠮ  ᠤᠨ ᠰᠠᠯᠠᠭ᠎ᠠ ᠮᠦᠴᠢᠷ ᠲᠠᠢ ᠵᠤᠬᠢᠴᠠᠯᠲᠤᠨ ᠲᠡᠭᠡᠭᠡᠪᠦᠷᠢ  ᠶᠢᠨ ᠬᠦᠴᠦᠨ  ᠢᠶᠠᠨ ᠴᠢᠩᠭᠠᠳᠬᠠᠵᠤ᠂ ᠪᠠᠶᠢᠭᠠᠯᠢ ᠎ ᠶᠢᠨ ᠰᠢᠳᠠᠮᠠᠬᠠᠢ ᠭᠡᠢ  ᠶᠢ ᠬᠤᠭᠤᠯᠠᠢ ᠪᠠᠷ ᠲᠠᠮᠵᠢᠭᠤᠯᠬᠤ ᠠᠵᠤ ᠠᠬᠤᠶᠢᠯᠠᠯ ᠲᠠᠢ ᠵᠤᠬᠢᠴᠠᠯᠲᠤᠨ ᠬᠤᠭᠤᠯᠠᠢ  ᠪᠠᠷ ᠲᠠᠮᠵᠢᠭᠤᠯᠬᠤ ᠰᠦᠢᠳᠭᠡᠯ  ᠢ ᠪᠠᠭᠤᠷᠠᠭᠤᠯᠵᠥ᠂ ᠠᠵᠥ ᠠᠬᠤᠶᠢᠯᠠᠯ  ᠤᠨ ᠥᠢᠯᠡᠳᠪᠤᠷᠢᠯᠠᠯ ᠡᠵᠡᠩᠨᠡᠯᠳᠡ  ᠶᠢᠨ ᠥᠪᠡᠷ ᠤᠨ ᠥᠷᠳᠡᠭ ᠢ ᠪᠠᠭᠤᠷᠠᠭᠤᠯᠤᠨ᠎ᠠ᠃ ᠲᠦᠷᠦ  ᠶᠢᠨ ᠪᠤᠳᠤᠯᠭ᠎ᠠ  ᠶᠢᠨ ᠪᠡᠯᠡ ᠮᠦᠩᠬᠦᠨ  ᠤ ᠬᠦᠳᠦᠯᠦᠮᠵᠢ  ᠶᠢ ᠴᠢᠩᠭᠠᠳᠬᠠᠵᠤ᠂ ᠠᠵᠣ ᠠᠬᠤᠶᠢᠯᠠᠯ  ᠤᠨ ᠬᠢᠨ ᠵᠠᠬ᠎ᠠ ᠲᠡᠯᠬᠡᠬᠦᠷ  ᠤᠨ ᠲᠠᠷᠤᠯᠲᠠ  ᠶᠢ ᠰᠢᠨᠵᠢᠯᠡᠬᠦ ᠤᠬᠠᠭᠠᠨ ᠮᠡᠷᠭᠡᠵᠢᠯ᠂ ᠦᠢᠯᠡᠳᠬᠦᠨ ᠪᠠ ᠬᠠᠮᠢᠶᠠᠷᠤᠯᠲᠠ  ᠶᠢᠨ ᠰᠢᠨ᠎ᠡ  ᠶᠢ ᠡᠬᠦᠳᠬᠦ ᠬᠦᠳᠡᠯᠭᠡᠭᠴᠢ ᠬᠦᠴᠦᠨ ᠪᠤᠯᠭᠠᠨ ᠬᠤᠪᠢᠷᠠᠭᠤᠯᠬᠤ  ᠶᠢ ᠵᠤᠷᠢᠭᠵᠢᠭᠤᠯᠤᠨ ᠲᠡᠮᠵᠢᠵᠤ᠂ ᠠᠵᠤ ᠦᠢᠯᠡᠰ  ᠤᠨ ᠭᠡᠯᠬᠢᠶ᠎ᠡ ᠎ ᠪᠠᠷ ᠭᠦᠬᠦᠷᠭᠡ ᠬᠤᠯᠪᠤᠭᠠᠰᠣ ᠪᠣᠯᠭᠠᠵᠤ᠂ ᠠᠵᠤ ᠠᠬᠤᠶᠢᠯᠠᠯ  ᠢ ᠡᠮᠬᠢᠯᠡᠨ ᠨᠡᠶᠢᠯᠡᠭᠦᠯᠵᠤ ᠲᠠᠬᠢᠨ ᠵᠤᠬᠢᠶᠠᠨ ᠪᠠᠶᠢᠭᠤᠯᠬᠤ ᠶᠢ ᠢᠳᠡᠪᠬᠢᠲᠠᠢ ᠲᠦᠯᠬᠢᠨ ᠠᠬᠢᠭᠤᠯᠵᠤ᠂ ᠨᠢᠬᠡ ᠪᠦᠯᠦᠭ ᠬᠤᠴᠤᠷᠤᠭᠳᠠᠩᠭᠤᠢ ᠦᠢᠯᠡᠳᠪᠦᠷᠢᠯᠡᠯ ᠤᠨ ᠴᠢᠳᠠᠪᠤᠷᠢ  ᠶᠢ ᠰᠢᠭᠰᠢᠭᠳᠡᠭᠦᠯᠦᠨ᠂ ᠨᠢᠬᠡ ᠪᠦᠯᠦᠭ ᠪᠤᠷᠤᠯᠠᠭᠤᠯᠤᠯᠲᠠ  ᠶᠢᠨ ᠤᠷᠤᠯᠭ᠎ᠠ ᠨᠢ  ᠵᠠᠭᠤᠨ ᠳ᠋ᠦᠩᠰᠢᠭᠤᠷ ᠲᠦᠬᠦᠷᠢᠭ  ᠢ ᠲᠠᠪᠠᠭᠰᠠᠨ ᠲᠤᠮᠤ ᠠᠵᠤ ᠠᠬᠤᠶᠢᠯᠠᠯ  ᠢ ᠪᠤᠶᠢᠵᠢᠭᠤᠯᠤᠨ᠎ᠠ᠃ ᠲᠤᠮᠳᠠ ᠵᠢᠵᠢᠭ ᠠᠵᠤ ᠠᠬᠤᠶᠢᠯᠠᠯ  ᠢ ᠭᠦᠭᠵᠢᠬᠦᠯᠬᠦ  ᠶᠢ ᠠᠵᠤ ᠦᠢᠯᠡᠰ ᠎ ᠢᠶᠠᠷ ᠠᠷᠠᠳ  ᠢ ᠪᠠᠶᠠᠵᠢᠭᠤᠯᠬᠤ᠂ ᠠᠵᠤ ᠠᠬᠤᠢ  ᠶᠢᠨ ᠲᠤᠭᠳᠠᠭᠤᠨ ᠮᠦᠷᠳᠡᠭᠡᠨ ᠲᠦᠷᠭᠡᠨ ᠬᠦᠭᠵᠢᠯᠲᠡ  ᠶᠢ ᠪᠠᠲᠤᠯᠠᠬᠤ ᠴᠢᠬᠤᠯᠠ ᠭᠠᠷᠳᠠᠬᠤ ᠴᠢᠭ ᠪᠤᠯᠭᠠᠵᠤ᠂ 3 ᠳ᠋ᠦᠩᠰᠢᠭᠤᠷ ᠲᠦᠬᠦᠷᠢᠭ  ᠤᠨ ᠪᠠᠭ᠎ᠠ ᠲᠤᠭᠠᠨ  ᠤ ᠲᠠᠭᠠᠭᠠᠯᠲᠠᠲᠤ ᠵᠢᠬᠡᠯᠡᠯᠬᠡ  ᠶᠢ ᠰᠢᠨ᠎ᠠ ᠪᠠᠷ ᠨᠡᠮᠡᠭᠳᠡᠭᠦᠯᠦᠨ᠂ ᠨᠢᠬᠡ ᠪᠦᠯᠦᠭ ᠵᠤᠬᠢᠬᠤ ᠭᠡᠪᠴᠢᠶ᠎ᠡ ᠲᠠᠢ᠂ ᠬᠦᠭᠵᠢᠨ  ᠪᠣᠵᠠᠭᠠᠶᠢᠷᠠᠵᠤ ᠴᠢᠳᠠᠬᠤ᠂ ᠬᠦᠭᠵᠢᠬᠦ ᠨᠦᠬᠡᠴᠡ ᠬᠦᠴᠦᠨ ᠲᠠᠢ᠂ ᠵᠠᠬ᠎ᠠ ᠲᠡᠯᠬᠡᠭᠦᠷ  ᠤᠨ ᠢᠷᠡᠭᠡᠳᠦᠢ ᠲᠠᠢ᠂  ᠠᠵᠢᠯ ᠤᠯᠭᠤᠯᠲᠠ ᠶᠢ ᠰᠢᠩᠬᠡᠬᠡᠬᠦ ᠴᠢᠳᠠᠪᠤᠷᠢ  ᠪᠠᠷ ᠴᠢᠩᠭ᠎ᠠ ᠲᠤᠮᠳᠠ ᠵᠢᠵᠢᠭ ᠠᠵᠤ ᠠᠬᠤᠶᠢᠯᠠᠯ ᠢ ᠭᠤᠤᠯᠳᠠᠯᠭ᠎ᠠ ᠲᠠᠢ  ᠪᠠᠷ ᠲᠡᠮᠵᠢᠨ ᠲᠡᠳᠭᠦᠵᠤ᠂ ᠡᠳᠡᠭᠡᠷ ᠠᠵᠤ ᠠᠬᠤᠶᠢᠯᠠᠯ  ᠤᠨ ᠬᠦᠴᠦᠷᠭᠡᠭᠵᠢᠨ ᠪᠤᠵᠠᠭᠠᠶᠢᠷᠠᠬᠤ  ᠶᠢ ᠲᠦᠷᠭᠡᠭᠡᠨ ᠠᠭᠢᠭᠤᠯᠤᠨ᠎ᠠ᠃ ︽ᠨᠢᠬᠡ ᠠᠵᠤ ᠠᠬᠤᠶᠢᠯᠠᠯ ᠨᠢᠬᠡ ᠠᠷᠭ᠎ᠠ ᠪᠤᠳᠤᠯᠭ᠎ᠠ︾᠎ ᠶᠢᠨ ᠠᠷᠭ᠎ᠠ ᠭᠡᠮᠵᠢᠶ᠎ᠡ  ᠶᠢ ᠠᠪᠴᠦ᠂ ᠲᠤᠮᠤ ᠭᠡᠯᠪᠡᠷᠢ ᠎ ᠶᠢᠨ ᠭᠤᠤᠯᠯᠠᠬᠤ ᠠᠵᠤ ᠠᠬᠤᠶᠢᠯᠠᠯ  ᠢ ᠲᠡᠮᠵᠢᠨ ᠲᠡᠳᠭᠦᠵᠤ᠂ ᠠᠵᠤ ᠠᠬᠤᠶᠢᠯᠠᠯ  ᠢ ᠬᠠᠪᠰᠤᠷᠤᠨ ᠬᠦᠴᠢᠷᠳᠡᠯ  ᠢ ᠢᠯᠠᠨ ᠲᠠᠪᠠᠵᠤ᠂ ᠭᠠᠵᠠᠷ ᠤᠷᠤᠨ  ᠤ ᠬᠦᠭᠵᠢᠯᠲᠡ  ᠶᠢᠨ ᠠᠮᠢᠵᠢᠷᠠᠯ  ᠤᠨ ᠬᠦᠴᠦᠨ  ᠢ ᠬᠠᠳᠠᠭᠠᠯᠠᠨ᠎ᠠ᠃      ᠭᠡᠷᠡᠭᠯᠡᠭᠡ  ᠶᠢ ᠦᠷᠭᠡᠳᠭᠡᠵᠤ᠂ ᠠᠵᠤ ᠠᠬᠤᠢ  ᠶᠢᠨ ᠨᠡᠮᠡᠭᠳᠡᠯ  ᠤᠨ ᠲᠤᠳᠤᠭᠠᠲᠤ ᠬᠦᠳᠡᠯᠭᠡᠭᠴᠢ ᠬᠦᠴᠦᠨ  ᠢ ᠴᠢᠩᠭᠠᠳᠬᠠᠨ᠎ᠠ᠃ ᠪᠦᠬᠦ ᠨᠡᠶᠢᠬᠡᠮ  ᠤᠨ ᠭᠡᠷᠡᠭᠯᠡᠭᠡᠨ  ᠤ ᠢᠳᠡᠭᠡᠯ  ᠢ ᠪᠦᠬᠦ ᠲᠠᠯ᠎ᠠ  ᠪᠠᠷ ᠲᠡᠭᠡᠭᠰᠢᠯᠡᠭᠦᠯᠵᠤ᠂ ᠤᠬᠠᠭᠤᠯᠭ᠎ᠠ  ᠪᠠᠨ ᠴᠢᠩᠭᠠᠳᠬᠠᠨ᠂ ᠰᠠᠭᠤᠭᠠᠯᠢ ᠠᠷᠠᠳ  ᠤᠨ ᠮᠦᠩᠬᠦᠨ ᠬᠦᠢᠯᠭᠡᠭᠡᠨ  ᠤ ᠬᠢᠮᠤᠷᠠᠯ  ᠤᠨ ᠨᠦᠯᠦᠬᠡᠯᠡᠯ ᠪᠠ ᠤᠯᠤᠰ  ᠤᠨ ᠲᠤᠳᠤᠭᠠᠲᠤ  ᠶᠢᠨ ᠬᠤᠷᠸ᠎ᠠ ᠠᠵᠤ ᠠᠬᠤᠢ  ᠶᠢᠨ ᠪᠠᠶᠢᠳᠠᠯ  ᠤᠨ ᠬᠤᠪᠢᠷᠠᠯ  ᠳᠤ ᠵᠦᠪ  ᠢᠶᠠᠷ ᠬᠠᠨᠳᠤᠬᠤ  ᠶᠢ ᠭᠦᠲᠦᠯᠦᠨ ᠵᠢᠯᠤᠭᠤᠳᠴᠦ᠂ ᠭᠡᠷᠡᠭᠯᠡᠭᠡᠨ  ᠤ ᠢᠳᠡᠭᠡᠯ  ᠢ ᠨᠢ ᠴᠢᠩᠭᠠᠳᠬᠠᠨ᠂ ᠭᠡᠪ  ᠤᠨ ᠭᠡᠷᠡᠭᠯᠡᠬᠡᠨ  ᠤ ᠠᠵᠢᠯᠯᠠᠭ᠎ᠠ ᠶᠢ ᠰᠡᠷᠭᠦᠭᠡᠵᠤ᠂ ᠬᠤᠲᠠ ᠬᠦᠳᠡᠭᠡ  ᠶᠢᠨ ᠰᠠᠭᠤᠭᠠᠯᠢ ᠠᠷᠠᠳ  ᠤᠨ ᠮᠤᠨᠳᠠᠭ ᠶᠡᠭᠡ ᠬᠡᠷᠡᠭᠯᠡᠭᠡᠨ  ᠤ ᠲᠠᠯᠳᠠ ᠬᠦᠴᠦᠨ  ᠢ ᠲᠠᠶᠢᠴᠢᠯᠠᠨ᠎ᠠ᠃ ᠤᠯᠠᠨ ᠠᠷᠭ᠎ᠠ ᠵᠠᠮ  ᠢᠶᠠᠷ ᠬᠤᠲᠠ ᠭᠦᠳᠡᠭᠡ  ᠶᠢᠨ ᠰᠠᠭᠤᠭᠠᠯᠢ ᠠᠷᠠᠳ  ᠤᠨ ᠤᠷᠤᠯᠭ᠎ᠠ ᠶᠢ ᠨᠡᠮᠡᠭᠳᠡᠭᠦᠯᠵᠤ᠂ ᠢᠯᠠᠩᠭᠤᠶ᠎ᠠ ᠲᠤᠮᠳᠠ ᠲᠣᠣᠷ᠎ᠠ ᠤᠷᠤᠯᠭ᠎ᠠ ᠲᠠᠢ ᠬᠦᠮᠦᠰ  ᠤᠨ ᠤᠷᠤᠯᠭ᠎ᠠ  ᠶᠢ ᠨᠡᠮᠡᠭᠳᠡᠭᠦᠯᠦᠨ᠂ ᠪᠦᠬᠦ ᠨᠡᠶᠢᠬᠡᠮ  ᠤᠨ ᠭᠡᠷᠡᠭᠯᠡᠭᠡᠨ  ᠤ ᠴᠢᠳᠠᠪᠤᠷᠢ  ᠶᠢ ᠦᠨᠡᠨᠬᠦ ᠲᠡᠭᠡᠭᠰᠢᠯᠡᠬᠦᠯᠦᠨ᠎ᠡ᠃ ᠬᠡᠷᠡᠭᠯᠡᠭᠡᠨ  ᠤ ᠰᠢᠨ᠎ᠡ ᠬᠠᠯᠠᠭᠤᠷᠠᠯ  ᠢ ᠲᠠᠰᠣᠷᠠᠯᠲᠠ ᠦᠬᠡᠢ ᠪᠤᠶᠢᠵᠢᠭᠤᠯᠤᠨ ᠬᠦᠭᠵᠢᠬᠦᠯᠵᠤ᠂ ᠰᠣᠶᠣᠯ ᠵᠢᠭᠤᠯᠴᠢᠯᠠᠯ᠂ ᠦᠳᠠᠰᠢᠯᠡᠭᠡ ᠵᠤᠭ᠎ᠠ ᠴᠡᠩᠬᠡᠯ᠂ ᠪᠠᠶᠠᠷ ᠲᠤᠷᠠᠰᠬᠠᠯ  ᠤᠨ ᠲᠡᠯᠬᠡᠨ ᠦᠵᠡᠭᠦᠯᠦᠯᠬᠡ᠂ ᠪᠡᠶ᠎ᠡ  ᠶᠢᠨ ᠲᠠᠮᠢᠷ ᠪᠡᠶ᠎ᠡ ᠴᠢᠬᠢᠷᠠᠭᠵᠢᠭᠤᠯᠬᠤ᠂ ᠰᠡᠯᠡᠬᠦᠴᠡᠯ ᠰᠦᠨᠢ  ᠶᠢᠨ ᠬᠤᠭᠤᠯᠠ ᠵᠡᠷᠭᠡ  ᠶᠢᠨ ᠭᠡᠷᠡᠭᠯᠡᠭᠡᠨ  ᠤ ᠬᠡᠪᠴᠢᠶ᠎ᠡ  ᠶᠢ ᠦᠷᠭᠡᠳᠭᠡᠵᠤ᠂ ᠦᠪᠡᠷᠮᠢᠴᠡ ᠤᠨᠴᠠᠯᠢᠭ ᠲᠠᠢ᠂ ᠴᠠᠭ ᠤᠨ ᠤᠷᠤᠰᠬᠠᠯ  ᠢ ᠲᠠᠭᠠᠭᠰᠠᠨ᠂ ᠨᠡᠷᠡᠲᠦ ᠲᠡᠮᠳᠡᠭᠲᠦ ᠬᠡᠷᠡᠭᠯᠡᠭᠡ  ᠶᠢ ᠬᠦᠲᠦᠯᠦᠨ ᠵᠢᠯᠤᠭᠤᠳᠴᠦ᠂ ᠦᠨᠳᠦᠷ ᠲᠤᠮᠳᠠ ᠲᠤᠤᠷ᠎ᠠ ᠵᠡᠷᠭᠡ  ᠶᠢᠨ ᠬᠡᠷᠡᠭᠯᠡᠭᠡ  ᠶᠢ ᠲᠦᠬᠦᠷᠵᠢᠬᠦᠯᠦᠭᠰᠡᠨ ᠤᠷᠤᠨ ᠪᠦᠰᠡ  ᠶᠢᠨ ᠭᠡᠷᠡᠭᠯᠡᠭᠡᠨ  ᠤ ᠲᠦᠪ ᠢ ᠪᠠᠶᠢᠭᠤᠯᠤᠨ᠎ᠠ᠃ ᠭᠡᠷᠡᠭᠯᠡᠭᠡᠨ  ᠤ ᠤᠷᠴᠢᠨ ᠲᠤᠭᠤᠷᠢᠨ  ᠢ ᠴᠢᠨᠠᠭᠰᠢᠲᠠ ᠰᠢᠯᠢᠳᠡᠭᠵᠢᠬᠦᠯᠵᠤ᠂ ︽ᠲᠦᠮᠡᠨ ᠲᠤᠰᠬᠤᠨ ᠮᠢᠩᠭᠠᠨ ᠰᠢᠶᠠᠩ︾ ᠎ ᠤᠨ ᠵᠠᠬ᠎ᠠ ᠲᠡᠯᠬᠡᠬᠦᠷ  ᠤᠨ ᠢᠨᠵᠧᠨᠧᠷᠢᠩ  ᠢ ᠲᠦᠯᠬᠢᠨ ᠠᠬᠢᠭᠤᠯᠵᠤ᠂ 100 ᠲᠠᠷᠢᠶᠠᠴᠢᠨ ᠠᠶᠢᠯ  ᠤᠨ ᠲᠡᠯᠭᠡᠭᠦᠷ᠂ 60 ᠬᠤᠯᠪᠤᠭᠠᠯᠠᠭᠰᠠᠨ ᠲᠤᠬᠢᠷᠠᠭᠤᠯᠤᠨ ᠬᠦᠷᠭᠡᠭᠦ ᠲᠦᠪ  ᠢ ᠰᠢᠨ᠎ᠡ  ᠪᠠᠷ ᠪᠠᠶᠢᠭᠤᠯᠤᠨ᠎ᠠ︔ ︽ᠭᠡᠷ  ᠤᠨ ᠴᠠᠬᠢᠯᠭᠠᠨ ᠭᠡᠷᠡᠭᠰᠡᠯ  ᠢ ᠬᠦᠳᠡᠭᠡ  ᠳᠤ ᠬᠦᠷᠭᠡᠭᠦ︾ ᠠᠵᠢᠯᠯᠠᠭ᠎ᠠ  ᠳᠤ ᠲᠦᠰᠢᠭᠯᠡᠨ ᠂ ᠬᠤᠲᠠ ᠪᠠᠯᠭᠠᠰᠣᠨ  ᠤ ᠲᠤᠮᠤ ᠲᠤᠮᠳᠠ ᠬᠡᠯᠪᠡᠷᠢ  ᠶᠢᠨ ᠬᠤᠳᠠᠯᠳᠣᠭᠠᠨ  ᠤ ᠲᠠᠯᠠᠪᠤᠷ ᠮᠠᠯᠵᠢᠬᠤ ᠲᠠᠷᠢᠶᠠᠯᠠᠬᠤ ᠤᠷᠤᠨ  ᠳᠤ ᠬᠦᠷᠴᠦ ᠲᠠᠸᠠᠷ  ᠢᠶᠠᠨ ᠰᠢᠭᠤᠳ ᠪᠤᠷᠤᠯᠠᠭᠤᠯᠬᠤ ᠠᠵᠢᠯᠯᠠᠭ᠎ᠠ  ᠦᠷᠨᠢᠬᠦᠯᠬᠦ  ᠶᠢ ᠵᠤᠷᠢᠭᠵᠢᠭᠤᠯᠤᠨ ᠬᠦᠲᠦᠯᠵᠤ᠂ ᠮᠠᠯᠴᠢᠨ ᠲᠠᠷᠢᠶᠠᠴᠢᠳ  ᠤᠨ ᠪᠠᠷᠠᠭ᠎ᠠ ᠲᠠᠸᠠᠷ ᠬᠤᠳᠠᠯᠳᠤᠨ ᠠᠪᠬᠤ  ᠳᠤ ᠲᠦᠬᠦᠮ  ᠦᠵᠡᠬᠦᠯᠦᠨ᠎ᠡ᠃ ᠤᠯᠤᠰ  ᠤᠨ ᠲᠤᠳᠤᠭᠠᠲᠤ ᠭᠠᠳᠠᠭᠠᠲᠤ ᠶᠢᠨ ᠨᠡᠷᠡᠲᠦ ᠢᠳᠡᠭᠡᠨ ᠤᠮᠳᠠᠭᠠᠨ᠂ ᠪᠠᠭᠤᠳᠠᠯ᠂ ᠨᠡᠷᠡᠲᠦ ᠲᠡᠮᠳᠡᠭᠲᠦ  ᠶᠢᠨ ᠡᠵᠡᠩᠨᠡᠯᠲᠡ᠂ ᠬᠠᠮ ᠲᠡᠯᠬᠡᠬᠦᠷ  ᠤᠨ ᠬᠤᠳᠠᠯᠳᠤᠭ᠎ᠠ  ᠶᠢ  ᠶᠡᠭᠡᠪᠡᠷ ᠲᠠᠳᠠᠨ ᠠᠪᠴᠢᠷᠠᠵᠤ᠂ ᠭᠤᠤᠯ ᠬᠤᠳᠠᠯᠳᠤᠭᠠᠨ  ᠤ ᠶᠠᠪᠤᠳᠠᠯ ᠤᠨ ᠲᠤᠭᠤᠷᠢᠭ  ᠢ ᠪᠠᠶᠢᠭᠤᠯᠵᠤ᠂ ᠬᠤᠲᠠ ᠪᠠᠯᠭᠠᠰᠣᠨ ᠎ ᠤ ᠭᠡᠷᠡᠭᠯᠡᠭᠡᠨ  ᠤ ᠲᠤᠤᠷ ᠴᠢᠭ  ᠤᠨ ᠪᠠᠶᠢᠷᠢᠰᠢᠯ  ᠢ ᠰᠢᠯᠢᠳᠡᠭᠵᠢᠬᠦᠯᠵᠤ᠂ ᠭᠠᠵᠠᠷ ᠤᠷᠤᠨ  ᠤ ᠭᠡᠷᠡᠭᠯᠡᠭᠡᠨ ᠤ ᠲᠦᠬᠦᠬᠡᠷᠦᠮᠵᠢ  ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠬᠡᠷᠡᠭᠯᠡᠭᠡ  ᠶᠢ ᠤᠷᠮᠠᠰᠢᠭᠤᠯᠤᠨ ᠲᠠᠶᠢᠴᠢᠯᠠᠬᠤ ᠲᠦᠷᠦ  ᠶᠢᠨ ᠪᠤᠳᠤᠯᠭ᠎ᠠ ᠠᠷᠭ᠎ᠠ ᠭᠡᠮᠵᠢᠶ᠎ᠡ  ᠶᠢ ᠲᠤᠭᠳᠠᠭᠠᠨ ᠭᠠᠷᠭᠠᠵᠤ᠂ ᠬᠡᠷᠡᠭᠯᠡᠭᠡᠨ  ᠤ ᠢᠳᠡᠭᠡᠮᠵᠢᠲᠦ ᠵᠢᠬᠡᠯᠡᠯᠬᠡ  ᠶᠢ ᠬᠦᠭᠵᠢᠬᠦᠯᠦᠨ ᠲᠡᠭᠦᠯᠳᠡᠷᠵᠢᠬᠦᠯᠵᠤ᠂ ᠤᠷᠤᠨ ᠰᠠᠭᠤᠴᠠ᠂ ᠮᠠᠰᠢᠨ ᠲᠡᠷᠭᠡᠨ  ᠤ ᠬᠡᠷᠡᠭᠯᠡᠭᠡᠨ  ᠤ ᠬᠡᠪᠴᠢᠶ᠎ᠡ  ᠶᠢ ᠯᠠᠪᠳᠠᠭᠤᠨ ᠢᠶᠠᠷ ᠦᠷᠭᠡᠳᠭᠡᠨ᠎ᠡ᠃ ᠵᠠᠬ᠎ᠠ ᠲᠡᠯᠬᠡᠬᠦᠷ  ᠤᠨ ᠢᠳᠡᠭᠡᠮᠵᠢ  ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨ᠎ᠡ ᠬᠠᠩᠰᠢ  ᠶᠢᠨ ᠬᠢᠨᠠᠨ ᠡᠵᠡᠮᠰᠢᠯᠲᠡ  ᠶᠢ ᠴᠢᠩᠳᠠᠯᠠᠨ᠂ ᠵᠠᠬ᠎ᠠ ᠲᠡᠯᠬᠡᠬᠦᠷ  ᠤᠨ ᠡᠮᠬᠢ ᠲᠢᠭᠯᠢᠮ  ᠢ ᠰᠠᠮᠠᠭᠤᠷᠠᠭᠤᠯᠤᠭᠰᠠᠨ ᠦᠢᠯᠡ ᠠᠵᠢᠯᠯᠠᠭ᠎ᠠ  ᠳᠤ ᠴᠢᠩᠭ᠎ᠠ ᠴᠣᠬᠢᠯᠲᠠ ᠦᠭᠴᠦ᠂ ᠰᠠᠶᠢᠨ ᠰᠠᠶᠢᠬᠠᠨ ᠭᠡᠷᠡᠭᠯᠡᠭᠡᠨ  ᠤ ᠤᠷᠴᠢᠨ ᠲᠤᠭᠤᠷᠢᠭ  ᠢ ᠪᠤᠢ ᠪᠤᠯᠭᠠᠨ᠎ᠠ᠃ ᠪᠦᠬᠦ ᠵᠢᠯ  ᠤᠨ ᠨᠡᠶᠢᠬᠡᠮ  ᠤᠨ ᠭᠡᠷᠡᠭᠯᠡᠬᠡᠨ  ᠤ ᠦᠢᠯᠡᠳᠬᠦᠨ  ᠤ ᠵᠢᠵᠢᠭᠯᠡᠨ ᠬᠤᠳᠠᠯᠳᠤᠬᠤ ᠪᠦᠬᠦ ᠲᠤᠭ᠎ᠠ ᠎ ᠶᠢ 315 ᠳ᠋ᠦᠩᠰᠢᠭᠤᠷ ᠲᠦᠬᠦᠷᠢᠭ  ᠲᠤ  ᠬᠦᠷᠭᠡᠵᠤ᠂ 16.8%  ᠨᠡᠮᠡᠭᠳᠡᠭᠦᠯᠦᠨ᠎ᠡ᠃      ︵ᠬᠤᠶᠠᠷ︶ ᠬᠥᠷᠢᠶᠠᠯᠠᠩ ᠳᠣᠭᠤᠷᠢᠭ  ᠤᠨ ᠳᠥᠪᠯᠡᠷᠡᠯ ᠪᠠ ᠠᠵᠥ ᠥᠢᠯᠡᠰ  ᠤᠨ ᠳᠥᠬᠦᠷᠴᠢᠯᠠᠯᠳᠠ  ᠶᠢ ᠴᠢᠩᠭᠠᠷᠠᠭᠤᠯᠣᠨ᠂ ᠳᠡᠷᠢᠬᠦᠨ  ᠤ ᠥᠯᠡᠳᠬᠦ ᠥᠢᠯᠡᠰ ᠪᠠ ᠣᠳᠣ ᠥᠶ᠎ᠠ  ᠶᠢᠨ ᠥᠢᠯᠡᠴᠢᠯᠠᠬᠡᠨ  ᠤ ᠥᠢᠯᠡᠰ ᠢ ᠪᠥᠬᠦ ᠬᠥᠴᠣᠨ ᠢᠶᠠᠷ ᠪᠥ᠋ᠵᠠᠭᠠᠶᠢᠷᠠᠭᠤᠯᠣᠨ᠎ᠠ᠃ ᠡᠬᠢ ᠪᠠᠶᠠᠯᠢᠭ  ᠤᠨ ᠪᠤᠰᠣ ᠴᠢᠨᠠᠷᠳᠠᠢ ᠠᠵᠥ ᠥᠢᠯᠡᠰ ᠢᠶᠠᠷ ᠪᠥᠳᠣᠴᠠ  ᠶᠢᠨ ᠬᠡᠯᠪᠡᠷᠢ  ᠶᠢ ᠬᠤᠪᠢᠷᠠᠭᠤᠯᠬᠤ ᠭᠤᠤᠯ ᠰᠢᠪᠳᠣᠯᠣᠯᠳᠠ  ᠶᠢᠨ ᠴᠢᠭᠯᠡᠯ ᠪᠠ ᠳᠡᠯᠡᠬᠡᠢ  ᠶᠢᠨ ᠳᠡᠬᠡᠳᠣ ᠵᠡᠷᠬᠡ  ᠶᠢᠨ ᠠᠵᠥ ᠥᠢᠯᠡᠰ ᠲᠠᠢ ᠵᠤᠯᠭᠠᠭᠤᠯᠬᠤ ᠴᠢᠬᠤᠯᠠ ᠠᠴᠢᠶᠠᠯᠠᠪᠤᠷᠢ ᠪᠤᠯᠭᠠᠬᠤ  ᠶᠢ ᠠᠬᠢᠭᠤᠯᠵᠥ᠂ ᠬᠥᠴᠣᠨ ᠢᠶᠠᠨ ᠳᠥᠪᠯᠡᠷᠡᠬᠦᠯᠥᠨ᠂ ᠳᠡᠷᠢᠬᠦᠨ  ᠤ ᠥᠢᠯᠡᠳᠬᠦ ᠥᠢᠯᠡᠰ ᠪᠠ ᠣᠳᠣ ᠥᠶ᠎ᠠ ᠶᠢᠨ ᠥᠢᠯᠡᠴᠢᠯᠡᠬᠡᠨ  ᠤ ᠥᠢᠯᠡᠰ  ᠢ ᠥᠳᠳᠡᠷ ᠳᠥᠷᠬᠡᠨ ᠬᠥᠴᠣᠷᠬᠡᠭᠵᠢᠬᠦᠯᠥᠨ ᠪᠥᠢᠵᠠᠭᠠᠶᠢᠷᠠᠭᠤᠯᠣᠨ᠎ᠠ᠃      ᠳᠡᠷᠢᠬᠦᠨ  ᠤ ᠥᠢᠯᠡᠳᠬᠦ ᠥᠢᠯᠡᠰ ᠢ ᠳᠥᠷᠬᠡᠬᠡᠨ ᠬᠥᠭᠵᠢᠬᠦᠯᠥᠨ᠎ᠠ᠃ ᠠᠵᠥ ᠥᠢᠯᠡᠰ ᠤᠨ ᠬᠥᠭᠵᠢᠯᠳᠠ  ᠶᠢᠨ ᠠᠴᠢᠶᠠᠯᠠᠪᠤᠷᠢ ᠶᠢ ᠢᠳᠠᠪᠬᠢᠳᠠᠢ ᠪᠤᠢ ᠪᠤᠯᠭᠠᠵᠥ ᠂ ᠳ᠋ᠥᠩᠱᠧᠩ᠂ ᠬᠢᠶ᠎ᠠ ᠪᠠᠭᠰᠢ᠂ ᠠᠯᠳᠠᠨᠰᠢᠷᠡᠭᠡ ᠪᠠᠯᠭᠠᠰᠣ ᠵᠡᠷᠬᠡ ᠭᠤᠷᠪᠠᠨ ᠶᠡᠭᠡ ᠥᠢᠯᠡᠳᠬᠦ ᠥᠢᠯᠡᠰ  ᠤᠨ ᠬᠥᠷᠢᠶᠠᠯᠠᠩ ᠳᠣᠭᠤᠷᠢᠭ  ᠤᠨ ᠰᠠᠭᠤᠷᠢ ᠳᠥᠬᠦᠬᠡᠷᠣᠮᠵᠢ ᠎ ᠶᠢᠨ ᠪᠥᠳᠣᠬᠡᠨ ᠪᠠᠶᠢᠭᠤᠯᠣᠯᠳᠠ  ᠶᠢ ᠴᠢᠩᠭᠠᠷᠠᠭᠤᠯᠵᠥ᠂ ᠬᠥᠷᠢᠶᠠᠯᠠᠩ ᠳᠣᠭᠤᠷᠢᠭ  ᠤᠨ ᠳᠠᠭᠠᠭᠠᠬᠤ ᠴᠢᠳᠠᠪᠤᠷᠢ  ᠶᠢ ᠳᠡᠬᠡᠭᠰᠢᠯᠡᠬᠦᠯᠥᠨ᠎ᠠ︔ ᠬᠠᠷᠠᠭᠠᠯᠵᠠᠯ  ᠤᠨ ᠳᠥᠷᠣ  ᠶᠢᠨ ᠪᠤᠳᠣᠯᠭ᠎ᠠ ᠳᠣᠭᠳᠠᠭᠠᠵᠥ᠂ ᠨᠠᠩ ᠣᠯᠠᠨ ᠣᠯᠣᠰ  ᠤᠨ ᠳᠣᠳᠣᠭᠠᠳᠣ ᠭᠠᠳᠠᠭᠠᠳᠣ  ᠶᠢᠨ ᠳᠡᠷᠢᠬᠦᠨ ᠤ ᠥᠢᠯᠡᠳᠬᠦ ᠥᠢᠯᠡᠰ  ᠤᠨ ᠠᠵᠥ ᠠᠬᠤᠶᠢᠯᠠᠯ  ᠢ ᠳᠠᠳᠠᠨ ᠠᠪᠴᠢᠷᠠᠵᠥ  ᠬᠥᠷᠢᠶᠠᠯᠠᠩ ᠳᠣᠭᠤᠷᠢᠭ ᠲᠤ ᠨᠤᠳᠤᠭᠰᠢᠭᠤᠯᠣᠨ᠎ᠠ᠃ ᠬᠤᠸᠠ ᠲᠠᠢ  ᠶᠢᠨ 30 ᠳᠥᠮᠠᠨ ᠰᠠᠣᠷᠢ ᠪᠤᠬᠢᠷᠳᠣᠯ ᠥᠬᠡᠢ ᠬᠥᠳᠡᠯᠬᠡᠬᠦᠷᠳᠣ ᠮᠠᠰᠢᠨ ᠎ ᠤ ᠳᠥᠷᠣᠯ ᠵᠥᠢᠯ  ᠢ ᠵᠢᠯ  ᠤᠨ ᠳᠣᠳᠣᠷ᠎ᠠ ᠪᠠᠶᠢᠭᠤᠯᠣᠨ ᠠᠰᠢᠭᠯᠠᠯᠳᠠ  ᠳᠤ  ᠤᠷᠤᠭᠤᠯᠵᠤ᠂ ᠬᠤᠸᠠ ᠲᠠᠢ ᠠᠥ᠋ᠲ᠋ᠣᠮᠴᠢᠯᠠᠭᠰᠠᠨ ᠬᠤᠷᠳᠣᠴᠠ ᠬᠤᠪᠢᠷᠠᠭᠤᠯᠬᠤ ᠬᠠᠶᠢᠷᠴᠠᠭ᠂ ᠰᠠᠭᠤᠳᠠᠯ  ᠤᠨ ᠮᠠᠰᠢᠨ ᠤ ᠭᠠᠳᠠᠷ ᠬᠡᠪ  ᠢ ᠬᠡᠪᠰᠢᠬᠦᠯᠬᠦ ᠪᠠ ᠱᠧᠨ ᠬᠤᠸᠠ  ᠶᠢᠨ ᠨᠡᠬᠦᠷᠡᠰᠣᠨ ᠮᠠᠰᠢᠨ ᠥᠢᠯᠡᠳᠬᠦ᠂ ᠵᠢᠩ ᠬᠥᠩ  ᠤᠨ ᠬᠥᠨᠳᠣ ᠬᠡᠯᠪᠡᠷᠢ  ᠶᠢᠨ ᠠᠴᠢᠶᠠᠨ  ᠤ ᠮᠠᠰᠢᠨ᠂ ᠭᠤᠷᠪᠠ ᠨᠢᠬᠡ  ᠶᠢᠨ ᠬᠥᠨᠳᠣ ᠠᠵᠥ ᠥᠢᠯᠡᠳᠪᠤᠷᠢ  ᠶᠢᠨ  ᠮᠠᠰᠢᠨ ᠥᠢᠯᠡᠳᠬᠦ ᠵᠡᠷᠬᠡ ᠳᠥᠷᠣᠯ ᠵᠥᠢᠯ  ᠤᠨ ᠪᠥᠳᠣᠬᠡᠨ ᠪᠠᠶᠢᠭᠤᠯᠣᠯᠳᠠ  ᠶᠢ ᠪᠥᠳᠣᠮᠵᠢᠳᠠᠢ ᠳᠥᠯᠬᠢᠨ ᠠᠬᠢᠭᠤᠯᠵᠥ᠂ ᠥᠢᠯᠡᠳᠬᠦ ᠥᠢᠯᠡᠰ ᠤᠨ ᠪᠤᠳᠠᠳᠤ ᠥᠢᠯᠡᠳᠪᠤᠷᠢᠯᠠᠯ  ᠤᠨ ᠴᠢᠳᠠᠪᠤᠷᠢ  ᠶᠢ ᠳᠥᠷᠬᠡᠬᠡᠨ ᠪᠤᠢ ᠪᠤᠯᠭᠠᠨ᠎ᠠ᠃ ᠰᠠᠯᠬᠢᠨ ᠬᠥᠴᠣᠨ ᠢᠶᠠᠷ ᠴᠠᠬᠢᠯᠭᠠᠨ ᠭᠠᠷᠭᠠᠬᠤ ᠳᠥᠬᠦᠬᠡᠷᠣᠮᠵᠢ᠂ ᠸᠠᠭᠠᠷ ᠱᠠᠵᠠᠩ᠂ ᠣᠯᠠᠨ ᠳᠠᠯᠠᠰᠳᠣ ᠴᠠᠬᠢᠭᠤᠷ᠂ ᠬᠡᠷᠡᠯᠯᠢᠭ ᠸᠣᠯᠲ᠂ ᠰᠢᠩᠬᠡᠨ ᠳᠠᠯᠠᠰᠳᠣ ᠥᠵᠡᠬᠦᠯᠣᠬᠦᠷ ᠮᠠᠰᠢᠨ ᠵᠡᠷᠬᠡ ᠰᠢᠨ᠎ᠠ ᠬᠡᠯᠪᠡᠷᠢ  ᠶᠢᠨ ᠠᠵᠥ ᠥᠢᠯᠡᠰ  ᠢ ᠢᠳᠡᠪᠬᠢᠳᠡᠢ ᠬᠥᠭᠵᠢᠬᠦᠯᠵᠥ᠂ ᠳ᠋ᠥᠨ ᠠᠨ  ᠤ ᠰᠠᠯᠬᠢᠨ ᠬᠥᠴᠣ ᠪᠠᠷ ᠴᠠᠬᠢᠯᠭᠠᠨ ᠭᠠᠷᠭᠠᠬᠤ ᠳᠥᠬᠦᠷᠴᠢᠯᠡᠭᠰᠡᠨ ᠮᠠᠰᠢᠨ᠂ ᠣᠯᠣᠰ  ᠤᠨ ᠴᠠᠬᠢᠯᠭᠠᠨ  ᠤ 3000 ᠳᠣᠨ ᠣᠯᠠᠨ ᠳᠠᠯᠠᠰᠳᠣ ᠴᠠᠬᠢᠭᠤᠷ᠂ ᠰᠢᠩ ᠬᠤᠢ ᠸᠠᠭᠠᠷ ᠱᠠᠵᠠᠩ ᠤᠨ ᠬᠤᠶᠠᠳᠣᠭᠠᠷ ᠬᠤᠭᠤᠴᠠᠭᠠᠨ  ᠤ ᠪᠠᠷᠢᠯᠭ᠎ᠠ ᠵᠡᠷᠬᠡ ᠳᠥᠷᠣᠯ ᠵᠥᠢᠯ  ᠢ ᠵᠢᠯ  ᠤᠨ ᠳᠣᠳᠣᠷ᠎ᠠ ᠪᠠᠷᠢᠯᠭ᠎ᠠ ᠡᠬᠢᠯᠡᠬᠦᠯᠥᠨ ᠪᠥᠳᠣᠬᠡᠨ ᠪᠠᠶᠢᠭᠤᠯᠵᠤ᠂ ᠣᠷᠳᠣᠰ  ᠤᠨ  ᠬᠦᠸᠧ ᠯᠢ ᠸᠠᠭᠠᠷ ᠱᠠᠵᠠᠩ  ᠢ ᠪᠠᠶᠢᠭᠤᠯᠣᠨ ᠠᠰᠢᠭᠯᠠᠯᠳᠠ  ᠳᠤ ᠣᠷᠣᠭᠤᠯᠬᠤ  ᠶᠢ ᠥᠨᠡᠨᠬᠦ ᠪᠠᠳᠣᠯᠠᠵᠥ᠂ ᠥᠢᠯᠡᠳᠬᠦ ᠥᠢᠯᠡᠰ  ᠤᠨ ᠰᠢᠨ᠎ᠠ ᠬᠥᠷᠢᠶ᠎ᠠ ᠬᠡᠪᠴᠢᠶ᠎ᠠ  ᠶᠢ ᠳᠠᠰᠣᠷᠠᠯᠳᠠ ᠥᠬᠡᠢ ᠥᠷᠬᠡᠳᠬᠡᠨ᠎ᠡ᠃ ᠠᠵᠥ ᠥᠢᠯᠡᠰ ᠢ  ᠨᠠᠶᠢᠯᠡᠬᠦᠯᠥᠨ ᠳᠥᠬᠦᠷᠵᠢᠬᠦᠯᠬᠦ ᠶᠢ ᠳᠥᠯᠬᠢᠨ ᠠᠬᠢᠭᠤᠯᠵᠥ᠂ ︽ᠨᠢᠬᠡ ᠠᠵᠥ ᠥᠢᠯᠡᠰ᠂ ᠨᠢᠬᠡ ᠬᠥᠷᠢᠶᠠᠯᠠᠩ ᠳᠣᠭᠤᠷᠢᠭ ᠎ ᠢᠶᠠᠷ ᠵᠠᠭᠤᠨ ᠡᠷᠣᠬᠡ ᠳᠣᠮᠳᠠ ᠵᠢᠵᠢᠭ ᠠᠵᠥ ᠠᠬᠤᠶᠢᠯᠠᠯ  ᠢ ᠳᠠᠶᠢᠴᠢᠯᠠᠬᠤ︾ ᠢᠨᠵᠧᠨᠧᠷᠢᠩ  ᠢ ᠶᠡᠬᠡᠪᠡᠷ ᠬᠡᠷᠡᠭᠵᠢᠬᠦᠯᠵᠥ᠂ ᠨᠠᠩ ᠣᠯᠠᠨ ᠣᠷᠣᠨ ᠨᠣᠳᠤᠭ  ᠤᠨ ᠳᠣᠮᠳᠠ ᠵᠢᠵᠢᠭ ᠠᠵᠥ ᠠᠬᠤᠶᠢᠯᠠᠯ  ᠤᠨ ᠬᠠᠮᠵᠢᠯᠴᠠᠨ ᠳᠥᠬᠦᠷᠴᠢᠯᠡᠬᠦ  ᠶᠢ ᠳᠥᠯᠬᠢᠨ ᠠᠬᠢᠭᠤᠯᠵᠥ᠂ ᠠᠵᠥ ᠥᠢᠯᠡᠰ  ᠤᠨ ᠬᠡᠯᠬᠢᠶ᠎ᠠ ᠨᠢ ᠡᠮᠬᠢ ᠵᠢᠷᠣᠮ ᠲᠠᠢ᠂ ᠮᠡᠷᠬᠡᠵᠢᠯ  ᠤᠨ ᠳᠣᠨᠤᠭ ᠳᠥᠬᠦᠬᠡᠷᠣᠮᠵᠢ ᠨᠢ ᠳᠡᠷᠢᠬᠦᠨ  ᠤ᠂ ᠳᠣᠰᠬᠠᠢ ᠮᠡᠷᠬᠡᠵᠢᠯ  ᠤᠨ ᠠᠵᠢᠯ ᠤᠨ ᠬᠤᠪᠢᠶᠠᠷᠢ ᠨᠢ ᠵᠥᠢ ᠵᠤᠬᠢᠰᠳᠠᠢ ᠳᠡᠷᠢᠬᠦᠨ  ᠤ ᠥᠢᠯᠡᠳᠬᠦ ᠥᠢᠯᠡᠰ  ᠤᠨ ᠰᠥᠷᠥᠭᠵᠢᠯ  ᠢ ᠪᠤᠢ ᠪᠤᠯᠭᠠᠨ᠎ᠠ᠃      ᠣᠳᠣ ᠥᠶ᠎ᠠ  ᠶᠢᠨ ᠥᠢᠯᠡᠴᠢᠯᠡᠬᠡᠨ  ᠤ ᠥᠢᠯᠡᠰ  ᠢ ᠶᠡᠬᠡᠪᠡᠷ ᠬᠥᠭᠵᠢᠬᠦᠯᠥᠨ᠎ᠠ᠃ 40 ᠳ᠋ᠥᠩᠰᠢᠭᠤᠷ ᠳᠥᠬᠦᠷᠢᠭ  ᠠᠴᠠ ᠳᠡᠬᠡᠭᠰᠢᠬᠢ ᠣᠳᠣ ᠥᠶ᠎ᠠ  ᠶᠢᠨ ᠥᠢᠯᠡᠴᠢᠯᠡᠬᠡᠨ  ᠤ ᠥᠢᠯᠡᠰ ᠤᠨ ᠴᠢᠬᠤᠯᠠ ᠶᠡᠭᠡ ᠳᠥᠷᠣᠯ ᠵᠥᠢᠯ ᠢ ᠬᠢᠨᠠᠮᠠᠭᠠᠢ ᠵᠤᠬᠢᠶᠠᠨ ᠪᠠᠶᠢᠭᠤᠯᠣᠨ ᠬᠡᠷᠡᠭᠵᠢᠬᠦᠯᠵᠥ᠂ ᠣᠳᠣ ᠥᠶ᠎ᠠ  ᠶᠢᠨ ᠥᠢᠯᠡᠴᠢᠯᠡᠬᠡᠨ ᠤ ᠥᠢᠯᠡᠰ ᠤᠨ ᠬᠥᠭᠵᠢᠯᠳᠡ  ᠶᠢᠨ ᠳᠥᠷᠬᠡᠰᠡᠯᠳᠡ᠂ ᠬᠠᠷᠢᠴᠠᠯ ᠤᠨ ᠳᠡᠬᠡᠭᠰᠢᠯᠡᠯᠳᠡ᠂ ᠪᠥᠳᠣᠴᠠ ᠶᠢᠨ ᠳᠠᠰ ᠳᠠᠪᠰᠢᠯᠳᠠ ᠶᠢ ᠳᠥᠯᠬᠢᠨ ᠠᠬᠢᠭᠤᠯᠵᠥ᠂ ᠪᠥᠬᠦ ᠵᠢᠯ  ᠤᠨ ᠭᠤᠷᠪᠠᠨ ᠠᠵᠥ ᠥᠢᠯᠡᠰ  ᠤᠨ ᠨᠡᠮᠡᠭᠳᠡᠯ ᠥᠷᠳᠡᠭ  ᠢ 780 ᠳ᠋ᠥᠩᠰᠢᠭᠤᠷ ᠳᠥᠬᠦᠷᠢᠭ  ᠲᠤ ᠬᠥᠷᠬᠡᠵᠥ᠂ 21%᠎ ᠪᠠᠷ ᠨᠡᠮᠡᠭᠳᠡᠬᠦᠯᠥᠨ᠎ᠠ᠃ ᠪᠤᠭᠤᠳᠣ  ᠠᠴᠠ ᠰᠢ ᠠᠨ ᠬᠥᠷᠬᠦ ᠳᠠᠮᠣᠷ ᠵᠠᠮ᠂ ᠪᠤᠭᠤᠳᠣ ᠠᠴᠠ ᠰᠠᠶᠢᠨᠳᠣᠷ᠎ᠠ ᠬᠥᠷᠬᠦ ᠳᠠᠮᠣᠷ ᠵᠠᠮ ᠪᠠ ᠣᠷᠳᠣᠰ ᠨᠢᠰᠬᠡᠯ  ᠤᠨ ᠪᠠᠭᠤᠳᠠᠯ ᠎ ᠢᠶᠠᠷ ᠳᠥᠰᠢᠭ ᠪᠤᠯᠭᠠᠨ᠂ ᠳᠠᠯᠠᠳ᠂ ᠳ᠋ᠥᠩᠱᠧᠩ᠂ ᠠᠯᠳᠠᠨᠰᠢᠷᠡᠭᠡ ︵ᠪᠠᠯᠭᠠᠰᠣ︶ ᠬᠢᠶ᠎ᠠ ᠪᠠᠭᠰᠢ᠂ ᠵᠠᠰᠠᠭ ᠵᠡᠷᠬᠡ ᠭᠤᠤᠯ ᠪᠠᠷᠠᠭᠠᠨ ᠤ ᠬᠥᠢᠯᠬᠡᠬᠡᠨ ᠤ ᠰᠠᠭᠤᠷᠢᠨ ᠭᠠᠵᠠᠷ  ᠢ ᠳᠥᠪᠯᠡᠷᠡᠬᠦᠯᠥᠨ ᠪᠠᠶᠢᠭᠤᠯᠵᠥ᠂ ᠪᠠᠷᠠᠭᠠᠨ  ᠤ ᠬᠥᠢᠯᠬᠡᠬᠡᠨ  ᠤ ᠠᠵᠥ ᠥᠢᠯᠡᠰ  ᠢ ᠳᠥᠪᠯᠡᠷᠡᠬᠦᠯᠥᠨ ᠬᠥᠭᠵᠢᠬᠦᠯᠬᠦ ᠳᠠᠪᠴᠠᠩ  ᠢ ᠪᠠᠶᠢᠭᠤᠯᠣᠨ᠎ᠠ︔ ᠣᠯᠣᠰ  ᠤᠨ ᠳᠠᠰ  ᠤᠨ ᠨᠡᠬᠦᠷᠡᠰᠣᠨ ᠠᠷᠠᠯᠵᠢᠶᠠᠨ  ᠤ ᠳᠥᠪ ᠪᠠᠶᠢᠭᠤᠯᠬᠤ  ᠶᠢ ᠢᠳᠡᠪᠬᠢᠳᠠᠢ ᠭᠤᠶᠤᠴᠢᠯᠠᠨ ᠮᠡᠳᠡᠬᠦᠯᠵᠥ᠂ ᠵᠠᠰᠠᠮᠠᠯ ᠵᠠᠮ ᠤᠨ ᠱᠣᠭᠤᠮ ᠳᠠᠭᠠᠣ ᠨᠡᠬᠦᠷᠡᠰᠣᠨ ᠳᠠᠯᠠᠪᠠᠢ᠂ ᠮᠠᠰᠢᠨ ᠳᠡᠷᠬᠡ ᠰᠠᠯᠪᠢᠨ ᠵᠠᠰᠠᠬᠤ ᠥᠢᠯᠡᠴᠢᠯᠡᠬᠡᠨ  ᠤ ᠳᠥᠪ᠂ ᠪᠠᠷᠠᠭ᠎ᠠ ᠪᠤᠳᠠᠰ ᠳᠣᠬᠢᠷᠠᠭᠤᠯᠣᠨ ᠬᠥᠷᠬᠡᠬᠦ ᠥᠷᠳᠡᠭᠡ ᠵᠡᠷᠬᠡ ᠪᠠᠷᠠᠭᠠᠨ ᠤ ᠬᠥᠢᠯᠬᠡᠬᠡᠨ ᠤ ᠡᠬᠢ ᠪᠠᠶᠠᠯᠢᠭ  ᠢ ᠨᠢᠬᠡᠳᠣᠬᠦᠯᠵᠥ᠂ ᠨᠡᠬᠦᠷᠡᠰᠣ ᠳᠡᠬᠡᠬᠡᠪᠤᠷᠢᠯᠠᠨ ᠪᠤᠷᠣᠯᠠᠭᠤᠯᠬᠤ ᠳᠣᠮᠣ ᠪᠠᠷᠠᠭᠠᠨ  ᠤ ᠬᠥᠢᠯᠬᠡᠬᠡᠨ ᠤ ᠪᠠᠶᠢᠳᠠᠯ  ᠢ ᠳᠡᠷᠢᠬᠦᠯᠡᠨ ᠪᠤᠢ ᠪᠤᠯᠭᠠᠨ᠎ᠠ᠃ ᠮᠥᠩᠬᠦᠨ ᠬᠥᠢᠯᠬᠡᠬᠡᠨ ᠤ ᠶᠡᠷᠣᠩᠬᠡᠢ ᠬᠡᠮᠵᠢᠶ᠎ᠠ  ᠶᠢ ᠨᠡᠮᠡᠭᠳᠡᠬᠦᠯᠬᠦ ᠪᠠᠷ ᠭᠤᠤᠯᠳᠠᠯᠭ᠎ᠠ ᠪᠤᠯᠭᠠᠨ᠂ ᠮᠥᠩᠬᠦᠨ ᠬᠥᠢᠯᠬᠡᠬᠡᠨ  ᠤ ᠬᠠᠳᠠᠭᠠᠯᠠᠮᠵᠢ  ᠶᠢᠨ ᠬᠡᠮᠵᠢᠶ᠎ᠠ  ᠶᠢ ᠪᠥᠳᠣᠮᠵᠢᠳᠠᠢ ᠠᠮᠢᠳᠣᠯᠢᠭᠵᠢᠭᠤᠯᠵᠥ᠂ ᠪᠠᠩᠬᠢ᠂ ᠳᠡᠮᠳᠡᠭᠳᠣ᠂ ᠢᠳᠡᠬᠡᠮᠵᠢᠳᠣ ᠨᠠᠶᠢᠳᠠᠯᠭ᠎ᠠ᠂ ᠳᠠᠭᠠᠳᠬᠠᠯ᠂ ᠰᠠᠭᠤᠷᠢ ᠮᠥᠩᠬᠦ᠂ ᠳᠥᠷᠢᠶᠠᠰᠣᠯᠠᠬᠦ ᠵᠡᠷᠬᠡ ᠣᠳᠣ ᠥᠶ᠎ᠠ ᠶᠢᠨ ᠮᠥᠩᠬᠦᠨ ᠬᠥᠢᠯᠬᠡᠬᠡᠨ  ᠤ ᠥᠢᠯᠡᠰ  ᠢ ᠳᠥᠷᠬᠡᠨ ᠬᠥᠭᠵᠢᠬᠦᠯᠥᠨ᠎ᠠ︔ ᠬᠢᠶ᠎ᠠ ᠪᠠᠭᠰᠢ ᠶᠢᠨ ᠮᠥᠩᠬᠦᠨ ᠬᠥᠢᠯᠬᠡᠬᠡᠨ ᠤ ᠳᠣᠮᠣ ᠠᠰᠠᠷ  ᠤᠨ ᠪᠠᠶᠢᠭᠤᠯᠣᠯᠳᠠ  ᠶᠢ ᠡᠬᠢᠯᠠᠬᠦᠯᠵᠥ᠂ ᠵᠢᠯ  ᠤᠨ ᠳᠣᠳᠣᠷ᠎ᠠ ᠰᠢᠨ᠎ᠠ ᠪᠠᠷ ᠳᠣᠰᠬᠤᠨ ᠪᠠᠯᠭᠠᠰᠣᠨ  ᠤ ᠪᠠᠩᠭᠢ  ᠶᠢ 1᠂ ᠬᠥᠳᠡᠭᠡ ᠳᠣᠰᠬᠤᠨ  ᠤ ᠪᠠᠯᠠ ᠮᠥᠩᠬᠦ ᠬᠠᠷᠢᠯᠴᠠᠨ ᠳᠣᠰᠠᠯᠠᠯᠴᠠᠬᠤ ᠬᠤᠷᠰᠢᠶ᠎ᠠ  ᠶᠢ 1 ᠪᠠᠶᠢᠭᠤᠯᠬᠤ ᠪᠠᠷ ᠴᠢᠷᠮᠠᠶᠢᠵᠥ᠂ ᠰᠢᠨ᠎ᠠ ᠪᠠᠷ 2 ᠎ ᠠᠴᠠ 3  ᠬᠤᠪᠢᠴᠠᠭᠠᠳᠣ ᠳᠥᠷᠢᠮ  ᠤᠨ ᠪᠠᠩᠬᠢ ᠪᠠ 1 ᠭᠠᠳᠠᠭᠠᠳᠣ ᠪᠠᠯᠠ  ᠶᠢᠨ ᠪᠠᠩᠬᠢ  ᠶᠢ ᠳᠠᠳᠠᠨ ᠠᠪᠴᠢᠷᠠᠨ᠎ᠠ︔ ᠨᠥᠬᠦᠴᠠᠯ ᠲᠠᠢ ᠠᠵᠥ ᠠᠬᠤᠶᠢᠯᠠᠯ  ᠤᠨ ᠵᠠᠬ᠎ᠠ ᠳᠡᠯᠬᠡᠬᠦᠷ  ᠲᠤ ᠭᠠᠷᠴᠣ ᠪᠠᠯᠠ ᠴᠣᠭᠯᠠᠭᠤᠯᠬᠤ᠂ ᠵᠢᠬᠡᠯᠡᠯᠬᠡ ᠶᠢᠨ ᠳᠡᠮᠳᠡᠭ ᠳᠠᠷᠬᠠᠭᠠᠬᠤ  ᠶᠢ ᠳᠥᠯᠬᠢᠨ ᠠᠬᠢᠭᠤᠯᠣᠨ᠎ᠠ︔ ᠠᠷᠠᠳ  ᠤᠨ ᠵᠢᠬᠡᠯᠡᠯᠬᠡ  ᠶᠢᠨ ᠡᠷᠡᠬᠦᠯ ᠬᠥᠭᠵᠢᠯᠳᠡ  ᠶᠢ ᠵᠢᠯᠣᠭᠤᠳᠣᠨ ᠳᠥᠷᠢᠮᠵᠢᠬᠦᠯᠵᠥ᠂ ᠮᠥᠩᠬᠦᠨ ᠬᠥᠢᠯᠬᠡᠬᠡᠨ  ᠤ ᠳᠥᠭᠰᠢᠬᠦᠷᠢ ᠎ ᠶᠢ ᠰᠠᠷᠬᠡᠶᠢᠯᠠᠨ ᠨᠠᠮᠳᠠᠭᠤᠯᠣᠨ᠎ᠠ᠃ ᠳᠣᠮᠳᠠᠳᠣ ᠣᠯᠣᠰ ᠤᠨ ᠰᠢᠯᠢᠳᠡᠭ ᠵᠢᠭᠤᠯᠴᠢᠯᠠᠯ ᠤᠨ ᠬᠤᠳᠠ  ᠶᠢᠨ ᠨᠡᠷᠡᠳᠣ ᠳᠡᠮᠳᠡᠭᠳᠣ ᠶᠢ ᠳᠠᠭᠤᠷᠢᠰᠬᠠᠵᠥ᠂ ᠭᠤᠤᠯᠳᠠᠯᠭ᠎ᠠ ᠎ ᠲᠠᠢ ᠵᠢᠭᠤᠯᠴᠢᠯᠠᠯ  ᠤᠨ ᠥᠵᠡᠮᠵᠢ  ᠶᠢᠨ ᠣᠷᠣᠨ  ᠤ ᠥᠨᠳᠣᠰᠣᠨ ᠪᠥᠳᠣᠬᠡᠨ ᠪᠠᠶᠢᠭᠤᠯᠣᠯᠳᠠ  ᠶᠢ ᠴᠢᠩᠭᠠᠳᠬᠠᠨ᠂ ᠣᠬᠠᠭᠤᠯᠭ᠎ᠠ ᠬᠢᠵᠥ ᠪᠤᠷᠣᠯᠠᠭᠤᠯᠭ᠎ᠠ  ᠶᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠥ᠂ ᠵᠢᠭᠤᠯᠴᠢᠯᠠᠯ  ᠤᠨ ᠥᠢᠯᠡᠰ ᠬᠢᠬᠡᠳ ᠠᠵᠥ ᠠᠬᠤᠢ  ᠶᠢᠨ ᠬᠥᠭᠵᠢᠯᠳᠠ  ᠎ ᠶᠢ ᠠᠪᠤᠴᠠᠯᠳᠣᠭᠤᠯᠣᠨ ᠬᠠᠮᠳᠣ ᠳᠤᠨᠢ ᠠᠬᠢᠭᠤᠯᠣᠨ᠎ᠠ᠃ ᠪᠥᠬᠦ ᠵᠢᠯ  ᠤᠨ ᠵᠢᠭᠤᠯᠴᠢᠯᠠᠯ ᠤᠨ ᠥᠢᠯᠡᠰ ᠤᠨ ᠣᠷᠣᠯᠭ᠎ᠠ  ᠶᠢ 58 ᠳ᠋ᠥᠩᠰᠢᠭᠤᠷ ᠳᠥᠬᠦᠷᠢᠭ  ᠲᠤ ᠬᠥᠷᠬᠡᠵᠥ᠂ 14.2%᠎ ᠢᠶᠠᠷ ᠨᠡᠮᠡᠭᠳᠡᠬᠦᠯᠥᠨ᠎ᠠ᠃ ᠵᠠᠬ᠎ᠠ ᠳᠡᠯᠬᠡᠬᠦᠷ ᠢᠶᠠᠷ ᠬᠥᠳᠣᠯᠣᠮᠵᠢ ᠪᠤᠯᠭᠠᠵᠥ᠂ ᠳᠡᠮᠵᠢᠨ ᠳᠡᠳᠬᠦᠬᠦ ᠳᠥᠷᠣ  ᠶᠢᠨ ᠪᠤᠳᠣᠯᠭ᠎ᠠ ᠶᠢ ᠳᠡᠬᠦᠯᠳᠡᠷᠵᠢᠬᠦᠯᠥᠨ᠂ ᠣᠯᠠᠨ ᠡᠰᠢᠳᠣ ᠪᠠᠯᠠ ᠣᠷᠣᠭᠤᠯᠣᠯᠳᠠ  ᠶᠢᠨ ᠳᠣᠭᠳᠠᠴᠠ  ᠶᠢ ᠪᠠᠶᠢᠭᠤᠯᠵᠥ᠂ ᠡᠵᠡᠩᠨᠡᠯᠳᠡ  ᠶᠢᠨ ᠴᠢᠨᠠᠷᠳᠠᠢ ᠰᠣᠶᠣᠯ  ᠤᠨ ᠥᠢᠯᠡᠰ ᠤᠨ ᠨᠢᠬᠡᠴᠡ ᠶᠢᠨ ᠥᠬᠡᠷᠡᠴᠢᠯᠠᠯᠳᠠ  ᠶᠢ ᠢᠳᠡᠪᠬᠢᠳᠡᠢ ᠳᠥᠯᠬᠢᠨ ᠠᠬᠢᠭᠤᠯᠤᠨ᠂ ᠰᠣᠶᠣᠯ ᠤᠨ ᠥᠢᠯᠡᠰ  ᠤᠨ ᠳᠣᠮᠣ ᠬᠥᠭᠵᠢᠯᠳᠠ  ᠶᠢ ᠠᠬᠢᠭᠤᠯᠣᠨ᠎ᠠ᠃ ᠠᠷᠪᠠᠨ ᠨᠢᠬᠡᠳᠣᠬᠡᠷ ᠬᠤᠭᠤᠴᠠᠭᠠᠨ ᠤ ᠠᠽᠢᠶ᠎ᠠ  ᠶᠢᠨ ᠣᠷᠠᠯᠢᠭ ᠤᠨ ᠴᠢᠭᠤᠯᠭᠠᠨ ᠢ ᠪᠥᠬᠦ ᠬᠥᠴᠣᠨ ᠢᠶᠠᠷ ᠢᠶᠠᠨ ᠰᠠᠶᠢᠳᠣᠷ ᠡᠷᠬᠢᠯᠡᠵᠥ᠂ ᠥᠨᠳᠣᠰᠣᠳᠠᠨ  ᠤ ᠰᠣᠶᠣᠯ ᠤᠨ ᠳᠠᠳᠠᠬᠤ ᠬᠥᠴᠣᠨ  ᠢ ᠬᠥᠢᠴᠡᠳ ᠢᠯᠡᠷᠡᠬᠦᠯᠥᠨ᠂ ᠣᠷᠳᠣᠰ  ᠤᠨ ᠰᠣᠶᠣᠯ  ᠤᠨ ᠨᠥᠯᠣᠬᠡᠯᠡᠬᠦ ᠬᠥᠴᠣᠨ  ᠢ ᠣᠯᠠᠮ ᠨᠢᠬᠡ ᠠᠯᠬᠤᠮ ᠨᠡᠮᠡᠭᠳᠡᠬᠦᠯᠥᠨ᠎ᠠ᠃      ︵ᠭᠤᠷᠪᠠ︶ ᠰᠢᠨᠵᠢᠯᠡᠬᠦ ᠣᠬᠠᠭᠠᠨ ᠮᠡᠷᠬᠡᠵᠢᠯ  ᠤᠨ ᠰᠢᠨ᠎ᠠ  ᠶᠢ ᠡᠬᠦᠳᠬᠦ ᠪᠠ ᠡᠷᠬᠢᠯᠳᠣᠬᠦᠯᠥᠨ ᠬᠥᠭᠵᠢᠬᠦᠯᠬᠦ  ᠳᠤ ᠳᠥᠰᠢᠭᠯᠡᠵᠥ᠂ ᠳᠠᠪᠠᠭᠤᠯᠢᠭ ᠣᠨᠴᠠᠯᠢᠭᠳᠣ ᠠᠵᠥ ᠥᠢᠯᠡᠰ  ᠤᠨ ᠭᠤᠤᠯ ᠥᠷᠢᠰᠣᠯᠳᠣᠬᠦ ᠬᠥᠴᠣᠨ  ᠢ ᠪᠥᠬᠦ ᠬᠥᠴᠣᠨ ᠢᠶᠠᠷ ᠳᠡᠬᠡᠭᠰᠢᠯᠡᠬᠦᠯᠥᠨ᠎ᠠ᠃ ᠳᠠᠪᠠᠭᠤᠯᠢᠭ ᠣᠨᠴᠠᠯᠢᠭᠳᠣ ᠠᠵᠥ ᠥᠢᠯᠡᠰ ᠎ ᠢᠶᠠᠷ ᠠᠵᠥ ᠠᠬᠤᠢ  ᠶᠢᠨ ᠳᠣᠭᠳᠠᠭᠤᠨ ᠮᠦᠷᠳᠡᠬᠡᠨ ᠳᠥᠷᠬᠡᠨ ᠨᠡᠮᠡᠭᠳᠡᠬᠦ  ᠶᠢ ᠪᠠᠳᠣᠯᠠᠬᠤ ᠭᠤᠤᠯ ᠳᠣᠯᠭᠠᠭᠤᠷᠢ ᠪᠤᠯᠭᠠᠵᠥ᠂ ᠪᠥᠳᠣᠴᠠ  ᠶᠢᠨ ᠬᠡᠯᠪᠡᠷᠢ ᠶᠢᠨ ᠬᠤᠪᠢᠷᠠᠯᠳᠠ ᠶᠢ ᠠᠬᠢᠭᠤᠯᠬᠤ ᠵᠠᠩᠬᠢᠯᠠᠭ᠎ᠠ  ᠶᠢᠨ ᠳᠠᠯ᠎ᠠ ᠪᠤᠯᠭᠠᠨ᠂ ᠳᠠᠪᠠᠭᠤᠯᠢᠭ ᠣᠨᠴᠠᠯᠢᠭᠳᠣ ᠠᠵᠥ ᠥᠢᠯᠡᠰ  ᠤᠨ ᠳᠣᠮᠣ ᠬᠡᠯᠪᠡᠷᠢᠵᠢᠬᠦᠯᠥᠯᠳᠠ᠂ ᠡᠷᠴᠢᠮᠵᠢᠬᠦᠯᠥᠯᠳᠡ᠂ ᠳᠥᠪᠯᠡᠷᠡᠬᠦᠯᠥᠯᠳᠡ  ᠶᠢᠨ ᠬᠥᠭᠵᠢᠯᠳᠠ  ᠶᠢᠨ ᠵᠠᠮ ᠢᠶᠠᠷ ᠡᠷᠡᠰ ᠭᠤᠶᠢᠪᠢᠰᠢ ᠥᠬᠡᠢ ᠵᠠᠮᠨᠠᠵᠥ᠂ ᠳᠠᠪᠠᠭᠤᠯᠢᠭ ᠣᠨᠴᠠᠯᠢᠭᠳᠣ ᠠᠵᠥ ᠥᠢᠯᠡᠰ  ᠢ ᠳᠥᠬᠦᠬᠡᠢ ᠮᠠᠲ᠋ᠧᠷᠢᠶᠠᠯ ᠳᠡᠬᠡᠬᠡᠪᠤᠷᠢᠯᠠᠨ ᠭᠠᠷᠭᠠᠬᠤ ᠬᠡᠯᠪᠡᠷᠢ  ᠶᠢᠨ ᠪᠠᠶᠢᠭᠰᠠᠨ ᠠᠴᠠ ᠨᠡᠮᠡᠭᠳᠡᠯ ᠥᠷᠳᠡᠭ ᠤᠨ ᠬᠡᠯᠪᠡᠷᠢ  ᠶᠢ ᠬᠤᠪᠢᠷᠠᠭᠤᠯᠬᠤ ᠳᠠᠰᠢ ᠬᠤᠪᠢᠷᠠᠭᠠᠬᠤ  ᠶᠢ ᠳᠥᠯᠬᠢᠨ ᠠᠬᠢᠭᠤᠯᠵᠥ᠂ ᠳᠣᠣᠷᠠᠳᠣ ᠵᠡᠷᠬᠡ ᠠᠴᠠ ᠳᠡᠬᠡᠳᠣ ᠵᠡᠷᠬᠡ ᠳᠠᠰᠢ ᠣᠯᠠᠷᠢᠨ ᠬᠤᠪᠢᠰᠬᠠᠨ᠎ᠠ᠃     ᠰᠢᠨᠵᠢᠯᠡᠬᠦ ᠣᠬᠠᠭᠠᠨ ᠮᠡᠷᠬᠡᠵᠢᠯ  ᠤᠨ ᠰᠢᠨ᠎ᠠ  ᠶᠢ ᠡᠬᠦᠳᠬᠦ ᠪᠠᠷ ᠳᠠᠪᠠᠭᠤᠯᠢᠭ ᠣᠨᠴᠠᠯᠢᠭᠳᠣ ᠠᠵᠥ ᠥᠢᠯᠡᠰ ᠤᠨ ᠥᠷᠢᠰᠣᠯᠳᠣᠬᠦ ᠬᠥᠴᠣᠨ  ᠢ ᠨᠡᠮᠡᠭᠳᠡᠬᠦᠯᠥᠨ᠎ᠠ᠃ ᠴᠢᠮᠡᠭᠡ ᠵᠠᠩᠬᠢᠴᠢᠯᠠᠯᠳᠠ ᠬᠢᠬᠡᠳ ᠠᠵᠥ ᠥᠢᠯᠡᠳᠪᠤᠷᠢᠵᠢᠯᠳᠠ  ᠶᠢᠨ ᠠᠪᠤᠴᠠᠯᠳᠣᠨ ᠬᠥᠭᠵᠢᠬᠦ  ᠶᠢ ᠠᠬᠢᠭᠤᠯᠵᠥ᠂ ᠳᠣᠮᠳᠠᠳᠣ ᠣᠯᠣᠰ  ᠤᠨ ᠰᠢᠨᠵᠢᠯᠡᠬᠦ ᠣᠬᠠᠭᠠᠨ  ᠤ ᠬᠥᠷᠢᠶᠠᠯᠠᠩ᠂ ᠴᠢᠩᠬᠤᠸᠠ ᠶᠡᠭᠡ ᠰᠣᠷᠭᠠᠭᠤᠯᠢ ᠵᠡᠷᠬᠡ ᠣᠯᠣᠰ  ᠤᠨ ᠳᠣᠳᠣᠭᠠᠳᠣ  ᠶᠢᠨ ᠨᠠᠷᠡᠳᠣ ᠡᠷᠳᠠᠮ ᠰᠢᠨᠵᠢᠯᠡᠬᠡᠨ  ᠤ ᠬᠥᠷᠢᠶᠠᠯᠠᠩ ᠳᠣᠭᠤᠷᠢᠭ  ᠤᠨ ᠥᠢᠯᠡᠳᠪᠤᠷᠢᠯᠠᠬᠦ ᠵᠢᠭᠠᠨ ᠰᠣᠳᠣᠯᠬᠤ ᠬᠠᠮᠵᠢᠯᠴᠠᠭ᠎ᠠ  ᠶᠢ ᠣᠯᠠᠮ ᠨᠢᠬᠡ ᠠᠯᠬᠤᠮ ᠪᠠᠬᠢᠵᠢᠬᠦᠯᠥᠨ ᠥᠷᠬᠡᠳᠬᠡᠵᠥ᠂ ᠣᠷᠳᠣᠰ  ᠤᠨ ᠠᠵᠥ ᠥᠢᠯᠡᠳᠪᠤᠷᠢ  ᠶᠢᠨ ᠵᠢᠷᠤᠭ ᠳᠥᠯᠣᠪᠯᠡᠬᠡᠨ  ᠤ ᠬᠥᠷᠢᠶᠠᠯᠠᠩ᠂ ᠳᠡᠬᠡᠳᠣ ᠰᠢᠨ᠎ᠠ ᠮᠡᠷᠬᠡᠵᠢᠯ  ᠤᠨ ᠠᠵᠥ ᠥᠢᠯᠡᠰ  ᠤᠨ ᠬᠥᠷᠢᠶᠠᠯᠠᠩ ᠳᠣᠭᠤᠷᠢᠭ᠂ ᠳᠣᠮᠳᠠ ᠵᠡᠷᠬᠡ ᠎ ᠶᠢᠨ ᠠᠵᠢᠯ ᠮᠡᠷᠬᠡᠵᠢᠯ  ᠤᠨ ᠰᠣᠷᠭᠠᠨ ᠬᠥᠮᠣᠵᠢᠯ  ᠤᠨ ᠬᠥᠷᠢᠶᠠᠯᠠᠩ ᠳᠣᠭᠤᠷᠢᠭ ᠪᠠ ᠥᠪᠤᠷ ᠮᠣᠩᠭᠤᠯ  ᠤᠨ ᠠᠵᠥ ᠥᠢᠯᠡᠳᠪᠤᠷᠢ  ᠶᠢᠨ ᠶᠡᠭᠡ ᠰᠣᠷᠭᠠᠭᠤᠯᠢ  ᠶᠢᠨ ᠵᠠᠬᠦᠨᠭᠠᠷ  ᠤᠨ ᠠᠭᠤᠷᠬᠠᠢ  ᠶᠢᠨ ᠳᠡᠬᠡᠳᠣ ᠰᠣᠷᠭᠠᠭᠤᠯᠢ ᠶᠢᠨ ᠪᠥᠳᠣᠬᠡᠨ ᠪᠠᠶᠢᠭᠤᠯᠣᠯᠳᠠ  ᠶᠢ ᠰᠠᠶᠢᠳᠣᠷ ᠠᠳᠬᠤᠵᠥ᠂ ᠥᠪᠤᠷ ᠮᠣᠩᠭᠤᠯ  ᠤᠨ ᠶᠡᠭᠡ ᠰᠣᠷᠭᠠᠭᠤᠯᠢ ᠎ ᠶᠢᠨ ᠣᠷᠳᠣᠰ ᠳᠠᠬᠡᠳᠣ ᠰᠣᠷᠭᠠᠭᠤᠯᠢ  ᠶᠢᠨ ᠬᠤᠶᠠᠳᠣᠭᠠᠷ ᠬᠤᠭᠤᠴᠠᠭᠠᠨ  ᠤ ᠪᠠᠷᠢᠯᠭ᠎ᠠ᠂ ᠣᠷᠳᠣᠰ ᠤᠨ ᠠᠵᠢᠯ ᠮᠡᠷᠬᠡᠵᠢᠯ  ᠤᠨ ᠳᠡᠬᠡᠳᠣ ᠰᠣᠷᠭᠠᠭᠤᠯᠢ  ᠶᠢᠨ ᠪᠥᠳᠣᠬᠡᠨ ᠪᠠᠶᠢᠭᠤᠯᠣᠯᠳᠠ  ᠶᠢ ᠡᠬᠢᠯᠡᠬᠦᠯᠥᠨ᠂ ᠢ ᠲᠠᠢ ᠵᠡᠷᠬᠡ ᠭᠤᠤᠯᠯᠠᠬᠤ ᠠᠵᠥ ᠠᠬᠤᠶᠢᠯᠠᠯ ᠣᠯᠣᠰ  ᠤᠨ ᠳᠠᠰ  ᠤᠨ ᠠᠵᠥ ᠠᠬᠤᠶᠢᠯᠠᠯ  ᠤᠨ ᠮᠡᠷᠬᠡᠵᠢᠯ ᠤᠨ ᠳᠥᠪ ᠪᠠᠶᠢᠭᠤᠯᠬᠤ  ᠶᠢ ᠳᠡᠮᠵᠢᠵᠥ᠂ ᠬᠥᠴᠣᠷᠬᠡᠭ ᠬᠥᠴᠣᠨ ᠲᠠᠢ ᠰᠢᠨᠵᠢᠯᠡᠬᠦ ᠣᠬᠠᠭᠠᠨ ᠮᠡᠷᠬᠡᠵᠢᠯ  ᠤᠨ ᠰᠢᠨ᠎ᠠ  ᠶᠢ ᠡᠬᠦᠳᠬᠦ ᠠᠴᠢᠶᠠᠯᠠᠪᠤᠷᠢ ᠪᠠᠶᠢᠭᠤᠯᠵᠥ᠂  ᠡᠷᠳᠡᠮ ᠰᠢᠨᠵᠢᠯᠡᠬᠡᠨ  ᠤ ᠥᠷ᠎ᠠ ᠪᠥᠳᠣᠬᠡᠯ ᠤᠨ ᠬᠤᠪᠢᠷᠠᠭᠠᠯᠳᠠ ᠶᠢ ᠳᠥᠷᠬᠡᠳᠬᠡᠨ᠂ ᠠᠵᠥ ᠥᠢᠯᠡᠰ  ᠤᠨ ᠳᠠᠰ ᠳᠠᠪᠬᠤᠷᠭ᠎ᠠ  ᠶᠢ ᠪᠥᠳᠣᠮᠵᠢᠳᠠᠢ ᠳᠡᠬᠡᠭᠰᠢᠯᠡᠬᠦᠯᠥᠨ᠎ᠠ ᠃ IT ᠠᠵᠥ ᠥᠢᠯᠡᠰ ᠤᠨ ᠰᠠᠭᠤᠷᠢᠨ ᠭᠠᠵᠠᠷ  ᠤᠨ ᠳᠥᠯᠣᠪᠵᠢᠬᠦᠯᠬᠡ ᠶᠢᠨ ᠵᠢᠷᠤᠭ ᠳᠥᠯᠣᠪᠯᠡᠬᠡᠨ  ᠤ ᠠᠵᠢᠯ  ᠢ ᠢᠳᠡᠪᠬᠢᠳᠡᠢ ᠥᠷᠨᠢᠬᠦᠯᠥᠨ᠎ᠡ᠃ ᠴᠢᠳᠠᠪᠤᠷᠢᠳᠠᠨ ᠪᠤᠯ ᠠᠩᠬᠠᠳᠠᠬᠴᠢ ᠡᠬᠢ ᠪᠠᠶᠠᠯᠢᠭ ᠪᠤᠯᠬᠤ ᠣᠨᠣᠯᠵᠢᠭᠤᠨ ᠢ ᠪᠠᠳᠣ ᠪᠠᠬᠢ ᠪᠤᠢ ᠪᠤᠯᠭᠠᠵᠥ᠂  ᠡᠷᠴᠢᠮᠯᠢᠭ ᠢᠶᠠᠷ ᠣᠷᠣᠭᠤᠯᠣᠨ ᠠᠪᠴᠢᠷᠠᠬᠤ ᠪᠠ ᠠᠮᠢᠳᠣᠯᠢᠭ ᠢᠶᠠᠷ ᠣᠷᠢᠨ ᠬᠡᠷᠡᠭᠯᠡᠬᠦ  ᠶᠢ ᠬᠠᠷᠢᠯᠴᠠᠨ ᠣᠶᠠᠯᠳᠣᠭᠤᠯᠬᠤ  ᠶᠢ ᠪᠠᠷᠢᠮᠳᠠᠯᠠᠨ᠂ ᠨᠢᠬᠡ ᠪᠥᠯᠥᠭ ᠬᠥᠭᠵᠢᠯᠳᠠ  ᠶᠢᠨ ᠪᠠᠴᠢᠮ ᠬᠡᠷᠡᠭᠴᠡᠭᠡ ᠪᠥᠬᠦᠢ ᠳᠠᠬᠡᠳᠣ ᠳᠠᠰ ᠳᠠᠪᠬᠤᠷᠭᠠᠨ ᠎ ᠤ ᠴᠢᠳᠠᠪᠤᠷᠢᠳᠠᠨ  ᠢ ᠳᠥᠷᠬᠡᠬᠡᠨ ᠣᠷᠣᠭᠤᠯᠣᠨ ᠠᠪᠴᠢᠷᠠᠵᠥ᠂ ᠳᠠᠬᠡᠳᠣ ᠳᠠᠰ ᠳᠠᠪᠬᠤᠷᠭᠠᠨ  ᠤ ᠴᠢᠳᠠᠪᠤᠷᠢᠳᠠᠨ ᠬᠥᠷᠣᠯᠴᠡᠬᠦ ᠥᠬᠡᠢ ᠪᠠᠶᠢᠬᠤ ᠠᠰᠠᠭᠤᠳᠠᠯ  ᠢ ᠥᠨᠡᠨᠬᠦ ᠰᠢᠢᠳᠪᠤᠷᠢᠯᠠᠨ᠎ᠠ᠃ 2009 ᠣᠨ  ᠠᠴᠠ ᠡᠬᠢᠯᠠᠨ᠂ ᠬᠤᠳᠠ  ᠶᠢᠨ ᠡᠳ᠋  ᠤᠨ ᠵᠠᠰᠠᠭ ᠵᠢᠯ ᠪᠤᠯᠭᠠᠨ 800 ᠳᠥᠮᠠᠨ ᠳᠥᠬᠦᠷᠢᠭ ᠳᠣᠬᠢᠷᠠᠭᠤᠯᠵᠥ᠂ ᠪᠠᠴᠢᠮ ᠬᠡᠷᠡᠭᠴᠡᠭᠡ ᠲᠠᠢ ᠴᠢᠳᠠᠪᠤᠷᠢᠳᠠᠨ ᠢ ᠣᠷᠣᠭᠤᠯᠣᠨ ᠠᠪᠴᠢᠷᠠᠬᠤ᠂ ᠱᠠᠩᠨᠠᠨ ᠬᠦᠬᠢᠬᠦᠯᠬᠦ ᠪᠠ ᠪᠤᠯᠪᠠᠰᠣᠷᠠᠭᠤᠯᠬᠤ ᠳᠤ ᠳᠣᠰᠬᠠᠢ ᠳᠥᠷᠣᠯ ᠢᠶᠠᠷ ᠬᠡᠷᠡᠭᠯᠡᠨ᠎ᠡ᠃ ᠠᠵᠥ ᠠᠬᠤᠶᠢᠯᠠᠯ  ᠤᠨ ᠭᠤᠤᠯ ᠴᠣᠭᠴᠠ  ᠶᠢᠨ ᠥᠢᠯᠡᠳᠣᠯ  ᠢ ᠪᠠᠳᠠᠷᠠᠭᠤᠯᠣᠨ᠂ ᠨᠡᠬᠦᠷᠡᠰᠣ  ᠶᠢ ᠣᠶᠣᠨᠴᠢᠯᠠᠨ ᠮᠠᠯᠳᠠᠬᠤ᠂ ᠨᠡᠬᠦᠷᠡᠰᠣᠨ ᠳᠠᠪᠬᠤᠷᠭᠠᠨ  ᠤ ᠬᠡᠢ  ᠶᠢ ᠨᠡᠬᠡᠬᠡᠬᠦ᠂ ᠡᠨᠧᠷᠬᠢ ᠠᠷᠪᠢᠯᠠᠨ ᠪᠤᠬᠢᠷᠳᠣᠯ ᠢ ᠪᠠᠭᠠᠰᠬᠠᠬᠤ᠂ ᠨᠠᠷᠢᠯᠢᠭ ᠬᠢᠮᠢ  ᠶᠢᠨ ᠠᠵᠥ ᠥᠢᠯᠡᠳᠪᠤᠷᠢ ᠶᠢᠨ ᠮᠡᠷᠬᠡᠵᠢᠯ᠂ ᠣᠷᠴᠢᠨ ᠳᠣᠭᠤᠷᠢᠨ ᠤ ᠬᠠᠮᠠᠭᠠᠯᠠᠯᠳᠠ ᠎ ᠶᠢᠨ ᠡᠨᠧᠷᠬᠢ ᠠᠷᠪᠢᠯᠠᠬᠤ ᠮᠠᠲ᠋ᠧᠷᠢᠶᠠᠯ᠂ ᠨᠠᠮᠧᠲᠷ  ᠤᠨ ᠢᠮᠠᠭᠠᠨ ᠨᠣᠯᠣᠣᠷ  ᠤᠨ ᠥᠢᠯᠡᠳᠬᠦᠨ᠂ ᠰᠢᠨ᠎ᠠ ᠡᠨᠧᠷᠬᠢ  ᠶᠢᠨ ᠠᠰᠢᠭᠯᠠᠯᠳᠠ᠂ ᠡᠯᠡᠰᠣᠨ ᠠᠵᠥ ᠥᠢᠯᠡᠰ ᠢ ᠬᠦᠭᠵᠢᠬᠦᠯᠬᠦ ᠵᠡᠷᠬᠡ ᠵᠠᠩᠬᠢᠯᠠᠭ᠎ᠠ ᠶᠢᠨ ᠮᠡᠷᠬᠡᠵᠢᠯ ᠳᠡᠬᠡᠷ᠎ᠠ ᠶᠡᠭᠡ ᠰᠢᠪᠳᠣᠯᠣᠯᠳᠠ ᠲᠠᠢ ᠪᠤᠯᠵᠥ᠂ ᠨᠢᠬᠡ ᠪᠥᠯᠥᠭ ᠥᠪᠡᠷ ᠢᠶᠠᠨ ᠡᠵᠡᠨ ᠮᠡᠳᠡᠭᠰᠡᠨ ᠮᠡᠳᠡᠯᠬᠡ  ᠶᠢᠨ ᠥᠮᠴᠢᠯᠡᠬᠦ ᠡᠷᠬᠡ ᠲᠠᠢ ᠡᠷᠳᠡᠮ ᠰᠢᠨᠵᠢᠯᠡᠬᠡᠨ ᠤ ᠥᠷ᠎ᠠ ᠪᠦᠳᠤᠬᠡᠯ ᠲᠠᠢ ᠪᠤᠯᠬᠤ ᠪᠠᠷ ᠴᠢᠷᠮᠠᠶᠢᠵᠥ᠂ ᠭᠤᠤᠯᠯᠠᠬᠤ ᠠᠵᠥ ᠥᠢᠯᠡᠰ  ᠤᠨ ᠪᠠᠶ᠎ᠠ ᠪᠠᠨ ᠳᠠᠭᠠᠭᠠᠵᠥ ᠰᠢᠨ᠎ᠠ ᠎ ᠶᠢ ᠡᠬᠦᠳᠬᠦ ᠴᠢᠳᠠᠪᠤᠷᠢ ᠪᠠ ᠭᠤᠤᠯ ᠥᠷᠢᠰᠣᠯᠳᠣᠬᠦ ᠬᠥᠴᠣᠨ  ᠢ ᠥᠨᠡᠨᠬᠦ ᠳᠡᠬᠡᠭᠰᠢᠯᠡᠬᠦᠯᠥᠨ᠎ᠠ᠃      ᠠᠵᠥ ᠥᠢᠯᠡᠰ  ᠤᠨ ᠬᠡᠯᠬᠢᠶ᠎ᠠ  ᠶᠢ ᠣᠷᠳᠣᠳᠬᠠᠬᠤ ᠪᠠᠷ ᠳᠠᠪᠠᠭᠤᠯᠢᠭ ᠣᠨᠴᠠᠯᠢᠭᠳᠣ ᠠᠵᠥ ᠥᠢᠯᠡᠰ  ᠤᠨ ᠳᠡᠬᠡᠳᠣ ᠵᠡᠷᠬᠡᠰᠢᠬᠦ ᠶᠢ ᠳᠥᠯᠬᠢᠨ ᠠᠬᠢᠭᠤᠯᠣᠨ᠎ᠠ᠃ ᠨᠡᠬᠦᠷᠡᠰᠣ  ᠶᠢ ᠬᠡᠶᠢᠵᠢᠬᠦᠯᠬᠦ ᠪᠠᠷ ᠨᠡᠬᠦᠷᠡᠰᠣᠨ  ᠤ ᠡᠬᠢ ᠪᠠᠶᠠᠯᠢᠭ  ᠢ ᠬᠥᠨ ᠡᠳ᠋ᠰᠢᠬᠦᠯᠥᠨ ᠪᠤᠯᠪᠠᠰᠣᠷᠠᠭᠤᠯᠬᠤ ᠭᠤᠤᠯ ᠰᠢᠪᠳᠣᠯᠣᠯᠳᠠ  ᠶᠢᠨ ᠴᠢᠭᠯᠡᠯ ᠪᠤᠯᠭᠠᠵᠥ᠂ ᠳᠡᠯᠡᠬᠡᠢ  ᠶᠢᠨ ᠳᠡᠷᠢᠬᠦᠨ  ᠤ ᠭᠠᠷ ᠣᠷᠠᠯᠠᠯ ᠪᠠ ᠮᠡᠷᠬᠡᠵᠢᠯ  ᠢ ᠣᠷᠣᠭᠤᠯᠣᠨ ᠠᠪᠴᠢᠷᠠᠵᠥ᠂ ᠨᠢᠬᠡ ᠪᠥᠯᠥᠭ ᠪᠠᠶᠢᠯᠳᠣᠬᠤ ᠪᠤᠳᠣᠯᠭ᠎ᠠ  ᠶᠢᠨ ᠴᠢᠨᠠᠷᠳᠠᠢ ᠴᠢᠬᠤᠯᠠ ᠶᠡᠭᠡ ᠳᠥᠷᠣᠯ ᠵᠥᠢᠯ  ᠢ ᠬᠡᠷᠡᠭᠵᠢᠬᠦᠯᠥᠨ᠂ ᠱᠧᠨ ᠬᠤᠸᠠ  ᠶᠢᠨ 20 ᠳ᠋ᠥᠩᠰᠢᠭᠤᠷ ᠪᠤᠰᠤᠭ᠎ᠠ ᠳᠥᠷᠪᠡᠯᠵᠢᠨ ᠮᠧᠲᠷ ᠨᠡᠬᠦᠷᠡᠰᠣ ᠪᠠᠷ ᠰᠢᠳᠠᠮᠠᠬᠠᠢ ᠬᠡᠢ ᠥᠢᠯᠡᠳᠪᠤᠷᠢᠯᠠᠬᠦ᠂ ᠬᠤᠢ ᠨᠧᠩ  ᠤᠨ 16 ᠳ᠋ᠥᠩᠰᠢᠭᠤᠷ ᠪᠤᠰᠤᠭ᠎ᠠ ᠳᠥᠷᠪᠡᠯᠵᠢᠨ ᠮᠧᠲᠷ  ᠤᠨ ᠨᠡᠬᠦᠷᠡᠰᠣ ᠪᠠᠷ ᠰᠢᠳᠠᠮᠠᠬᠠᠢ ᠬᠡᠢ ᠥᠢᠯᠡᠳᠪᠤᠷᠢᠯᠠᠬᠦ ᠵᠡᠷᠬᠡ ᠳᠥᠷᠣᠯ ᠵᠥᠢᠯ  ᠢ ᠡᠬᠢᠯᠡᠬᠦᠯᠡᠨ ᠪᠠᠶᠢᠭᠤᠯᠬᠤ  ᠶᠢ ᠥᠨᠡᠨᠬᠦ ᠪᠠᠳᠣᠯᠠᠵᠥ᠂ ᠳᠡᠯᠡᠬᠡᠢ  ᠶᠢᠨ ᠳᠡᠷᠢᠬᠦᠨ  ᠤ ᠨᠡᠬᠦᠷᠡᠰᠣ  ᠶᠢ ᠬᠡᠶᠢᠵᠢᠬᠦᠯᠬᠦ ᠰᠠᠭᠤᠷᠢᠨ ᠭᠠᠵᠠᠷ  ᠢ ᠪᠠᠶᠢᠭᠤᠯᠣᠨ᠎ᠠ᠃ ᠨᠡᠬᠦᠷᠡᠰᠣ ᠬᠢᠮᠢ  ᠶᠢᠨ ᠠᠵᠥ ᠥᠢᠯᠡᠳᠪᠤᠷᠢ᠂ ᠰᠢᠳᠠᠮᠠᠬᠠᠢ ᠬᠡᠢ  ᠶᠢᠨ ᠬᠢᠮᠢ  ᠶᠢᠨ ᠠᠵᠥ ᠥᠢᠯᠡᠳᠪᠤᠷᠢ᠂ ᠡᠾᠯᠣᠷ ᠬᠤᠵᠢᠷ  ᠤᠨ ᠬᠢᠮᠢ ᠶᠢᠨ ᠠᠵᠥ ᠥᠢᠯᠡᠳᠪᠤᠷᠢ  ᠶᠢᠨ ᠠᠵᠥ ᠥᠢᠯᠡᠰ  ᠤᠨ ᠬᠡᠯᠬᠢᠶ᠎ᠠ  ᠶᠢ ᠣᠷᠳᠣᠳᠬᠠᠬᠤ ᠪᠠᠷ ᠬᠥᠴᠣᠯᠠᠨ ᠴᠢᠷᠮᠠᠶᠢᠵᠥ᠂ ᠠᠯᠺᠧᠨ ᠪᠠ ᠴᠢᠯᠠᠭᠤᠨ ᠳᠣᠰᠣ  ᠶᠢ ᠣᠷᠣᠯᠠᠬᠤ ᠥᠢᠯᠡᠳᠬᠦᠨ  ᠢ ᠥᠢᠯᠡᠳᠪᠤᠷᠢᠯᠠᠬᠦ ᠵᠥᠭ ᠠᠵᠥ ᠥᠢᠯᠡᠰ  ᠤᠨ ᠬᠡᠯᠬᠢᠶ᠎ᠠ ᠶᠢ ᠣᠷᠳᠣᠳᠬᠠᠵᠥ᠂ ᠮᠧᠲ᠋ᠢᠯ ᠠᠯᠺᠣᠣᠯ᠂ PVC ᠎ ᠶᠢᠨ ᠲᠤᠤᠷᠡᠳᠤ ᠳᠠᠰ  ᠤᠨ ᠥᠢᠯᠡᠳᠬᠦᠨ ᠢ ᠰᠣᠳᠣᠯᠣᠨ ᠬᠥᠭᠵᠢᠬᠦᠯᠬᠦ ᠪᠠ ᠥᠢᠯᠡᠳᠪᠤᠷᠢᠯᠠᠬᠦ ᠡᠷᠴᠢᠮ ᠢᠶᠠᠨ ᠴᠢᠩᠭᠠᠳᠬᠠᠵᠥ᠂ ᠵᠥᠩ ᠲᠢᠶᠠᠨ ᠾᠧ ᠴᠣᠸᠠᠩ  ᠤᠨ 300 ᠳᠥᠮᠠᠨ ᠳᠣᠨ  ᠤ ᠬᠤᠶᠠᠷ  ᠮᠧᠲ᠋ᠢᠯᠳᠣ ᠡᠲ᠋ᠧᠷ᠂ ᠬᠤᠸᠠ ᠢ ᠼᠣ᠋ ᠶᠢᠨ ᠬᠥᠴᠢᠯ ᠤᠨ ᠡᠲ᠋ᠢᠯᠧᠨ᠂ ᠱᠠᠩᠬᠠᠢ  ᠶᠢᠨ ᠬᠤᠢ ᠱᠧᠩ ᠨᠡᠬᠦᠷᠡᠰᠣ ᠬᠢᠮᠢ  ᠶᠢᠨ ᠠᠵᠥ ᠥᠢᠯᠡᠳᠪᠤᠷᠢ᠂ ᠱᠠᠩᠬᠠᠢ  ᠶᠢᠨ ᠰᠥᠮ᠎ᠠ  ᠶᠢᠨ ᠬᠢᠮᠢ  ᠶᠢᠨ ᠠᠵᠥ ᠥᠢᠯᠡᠳᠪᠤᠷᠢ ᠵᠡᠷᠬᠡ ᠳᠣᠮᠣ ᠳᠥᠷᠣᠯ ᠵᠥᠢᠯ ᠤᠨ ᠪᠥᠳᠣᠬᠡᠨ ᠪᠠᠶᠢᠭᠤᠯᠣᠯᠳᠠ ᠶᠢ ᠪᠥᠬᠦ ᠬᠥᠴᠣᠨ ᠢᠶᠠᠷ ᠢᠶᠠᠨ ᠰᠠᠶᠢᠳᠣᠷ ᠠᠳᠬᠤᠨ᠂ ᠣᠯᠣᠰ  ᠤᠨ ᠳᠣᠳᠣᠭᠠᠳᠣ ᠎ ᠶᠢᠨ ᠳᠡᠷᠢᠬᠦᠨ  ᠤ ᠬᠢᠮᠢ  ᠶᠢᠨ ᠠᠵᠥ ᠥᠢᠯᠡᠳᠪᠤᠷᠢ  ᠶᠢᠨ ᠠᠵᠥ ᠥᠢᠯᠡᠰ  ᠤᠨ ᠰᠠᠭᠤᠷᠢᠨ ᠭᠠᠵᠠᠷ  ᠢ ᠪᠠᠶᠢᠭᠤᠯᠣᠨ᠎ᠠ᠃ ᠳᠠᠮᠦᠷᠯᠢᠭ ᠪᠤᠯᠪᠠᠰᠣᠷᠠᠭᠤᠯᠬᠤ ᠠᠵᠥ ᠥᠢᠯᠡᠰ  ᠤᠨ ᠡᠷᠴᠢᠮᠵᠢᠬᠦᠯᠥᠯᠳᠠ᠂ ᠳᠣᠮᠣ ᠬᠡᠯᠪᠡᠷᠢᠵᠢᠬᠦᠯᠥᠯᠳᠠ᠂ ᠣᠷᠴᠢᠨ ᠳᠣᠭᠤᠷᠢᠨ  ᠤ ᠬᠠᠮᠠᠭᠠᠯᠠᠯᠳᠠ  ᠶᠢᠨ ᠬᠡᠯᠪᠡᠷᠢ  ᠶᠢᠨ ᠬᠥᠭᠵᠢᠯᠳᠠ  ᠶᠢ ᠳᠥᠯᠬᠢᠨ ᠠᠬᠢᠭᠤᠯᠵᠥ᠂ ᠮᠧᠩ ᠰᠢ ᠶᠢᠨ ᠢᠰᠣᠯᠳᠣᠭ᠍ᠰᠡᠨ ᠬᠥᠩᠬᠡᠨ ᠴᠠᠭᠠᠨ  ᠤ ᠳᠥᠷᠣᠯ ᠵᠥᠢᠯ  ᠢ ᠡᠬᠢᠯᠡᠬᠦᠯᠥᠨ᠂ ᠳ᠋ᠠ ᠳᠠᠩ ᠣᠯᠠᠨ ᠣᠯᠣᠰ  ᠤᠨ ᠬᠥᠩᠬᠡᠨ ᠴᠠᠭᠠᠨ᠂ ᠴᠠᠬᠢᠭᠤᠷ᠂ ᠲᠢᠲ᠋ᠠᠨ ᠳᠠᠮᠦᠷᠯᠢᠭ ᠵᠡᠷᠬᠡ ᠳᠥᠷᠣᠯ ᠵᠥᠢᠯ  ᠢ ᠡᠬᠢᠯᠡᠬᠦᠯᠥᠨ ᠪᠠᠶᠢᠭᠤᠯᠣᠨ᠎ᠠ᠃      ᠡᠷᠬᠢᠯᠳᠡᠳᠣ ᠠᠵᠥ ᠠᠬᠤᠢ ᠪᠠᠷ ᠳᠠᠪᠠᠭᠤᠯᠢᠭ ᠣᠨᠴᠠᠯᠢᠭᠳᠣ ᠠᠵᠥ ᠥᠢᠯᠡᠰ  ᠤᠨ ᠬᠥᠭᠵᠢᠯᠳᠡ  ᠶᠢᠨ ᠳᠠᠰ ᠳᠠᠪᠬᠤᠷᠭ᠎ᠠ  ᠶᠢ ᠳᠡᠬᠡᠭᠰᠢᠯᠡᠬᠦᠯᠥᠨ᠎ᠠ᠃ ᠠᠮᠢ ᠠᠬᠤᠢ  ᠶᠢᠨ ᠣᠬᠠᠭᠠᠨ  ᠤ ᠵᠢᠮ᠎ᠠ ᠶᠤᠰᠣ ᠪᠠ ᠡᠷᠬᠢᠯᠳᠠᠳᠣ ᠠᠵᠥ ᠠᠬᠤᠢ  ᠶᠢᠨ ᠣᠨᠣᠯᠵᠢᠭᠤᠨ  ᠢ ᠬᠡᠷᠡᠭᠯᠡᠨ᠂ ᠠᠵᠥ ᠠᠬᠤᠶᠢᠯᠠᠯ  ᠤᠨ ᠬᠤᠭᠤᠷᠣᠨᠳᠣᠬᠢ᠂ ᠠᠵᠥ ᠥᠢᠯᠡᠰ  ᠤᠨ ᠬᠤᠭᠤᠷᠣᠨᠳᠣᠬᠢ᠂ ᠬᠥᠷᠢᠶᠠᠯᠠᠩ ᠳᠣᠭᠤᠷᠢᠭ  ᠤᠨ ᠬᠤᠭᠤᠷᠣᠨᠳᠣᠬᠢ ᠳᠣᠰᠬᠠᠢ ᠮᠡᠷᠬᠡᠵᠢᠯ  ᠤᠨ ᠠᠵᠢᠯ  ᠤᠨ ᠬᠤᠪᠢᠶᠠᠷᠢ ᠪᠤᠯᠣᠨ ᠬᠠᠮᠵᠢᠯᠴᠠᠭ᠎ᠠ  ᠶᠢ ᠵᠢᠯᠣᠭᠤᠳᠣᠨ ᠠᠬᠢᠭᠤᠯᠵᠥ᠂ ᠭᠤᠤᠯᠯᠠᠬᠤ ᠠᠵᠥ ᠥᠢᠯᠡᠰ  ᠤᠨ ᠳᠣᠭᠤᠷᠢᠨ  ᠳᠤ ᠳᠣᠮᠣ ᠳᠣᠮᠳᠠ ᠵᠢᠵᠢᠭ ᠳᠥᠷᠣᠯ ᠵᠥᠢᠯ  ᠢ ᠵᠥᠢ ᠵᠤᠬᠢᠰᠳᠠᠢ ᠳᠥᠬᠦᠷᠴᠢᠯᠡᠬᠦ᠂ ᠲᠡᠬᠡᠳᠤ ᠲᠤᠤᠷᠡᠳᠤ ᠳᠠᠰ ᠤᠨ ᠥᠢᠯᠡᠳᠬᠦᠨ ᠢ ᠡᠮᠬᠢ ᠵᠢᠷᠣᠮ ᠲᠠᠢ ᠬᠢᠯᠬᠡᠭᠰᠡᠨ ᠡᠷᠬᠢᠯᠳᠠᠳᠣ ᠠᠵᠥ ᠥᠢᠯᠡᠰ  ᠤᠨ ᠬᠡᠯᠬᠢᠶ᠎ᠠ  ᠶᠢ ᠪᠠᠶᠢᠭᠤᠯᠵᠥ᠂ ᠭᠤᠤᠯᠯᠠᠬᠤ ᠠᠵᠥ ᠥᠢᠯᠡᠰ ᠤᠨ ᠳᠠᠭᠠᠯᠳᠠ ᠨᠡᠮᠡᠭᠳᠡᠯ ᠥᠷᠳᠡᠭ ᠢ ᠳᠡᠬᠡᠭᠰᠢᠯᠡᠬᠦᠯᠥᠨ᠂ ᠡᠬᠢ ᠪᠠᠶᠠᠯᠢᠭ ᠢ ᠶᠡᠷᠣᠩᠬᠡᠶᠢᠯᠠᠨ ᠨᠡᠬᠡᠬᠡᠨ ᠠᠰᠢᠭᠯᠠᠬᠤ ᠬᠢᠷᠢ ᠬᠡᠮᠵᠢᠶ᠎ᠠ  ᠶᠢ ᠳᠡᠬᠡᠭᠰᠢᠯᠡᠬᠦᠯᠥᠨ᠎ᠠ᠃ ᠡᠷᠬᠢᠯᠳᠠᠳᠣ ᠠᠵᠥ ᠠᠬᠤᠢ  ᠶᠢ ᠬᠥᠭᠵᠢᠬᠦᠯᠬᠦ ᠪᠠ ᠡᠨᠧᠷᠬᠢ ᠠᠷᠪᠢᠯᠠᠨ ᠪᠤᠬᠢᠷᠳᠣᠯ  ᠢ ᠪᠠᠭᠠᠰᠬᠠᠬᠤ  ᠶᠢ ᠠᠬᠢᠭᠤᠯᠬᠤ  ᠶᠢ ᠣᠶᠠᠯᠳᠣᠭᠤᠯᠬᠤ  ᠶᠢ ᠪᠠᠷᠢᠮᠳᠠᠯᠠᠵᠥ᠂ ᠡᠨᠡ ᠵᠢᠯ ᠡᠯ᠎ᠠ ᠳᠥᠷᠣᠯ  ᠤᠨ ᠨᠡᠬᠦᠷᠡᠰᠣ ᠰᠢᠳᠠᠭᠠᠬᠤ ᠮᠠᠰᠢᠨ  ᠢ ᠴᠥᠮ ᠬᠥᠬᠦᠷ ᠥᠬᠡᠶᠢᠳᠡᠬᠦᠯᠬᠦ ᠪᠠᠷᠢᠮᠵᠢᠶ᠎ᠠ  ᠳᠤ ᠬᠥᠷᠬᠡᠬᠦ  ᠶᠢ ᠪᠠᠶᠠᠯᠠᠬᠦᠯᠵᠥ᠂ ᠬᠤᠰᠢᠭᠤ ᠳᠣᠭᠤᠷᠢᠭ ᠎ ᠤᠨ ᠵᠠᠰᠠᠭ  ᠤᠨ ᠣᠷᠳᠣᠨ  ᠤ ᠰᠠᠭᠤᠭ᠎ᠠ ᠭᠠᠵᠠᠷ ᠪᠥᠬᠦᠨ ᠢᠶᠠᠷ ᠢᠶᠠᠨ ᠪᠤᠵᠠᠷ ᠣᠰᠣ ᠰᠢᠢᠳᠪᠤᠷᠢᠯᠠᠬᠦ ᠳᠠᠯᠠᠪᠤᠷ ︵ᠥᠢᠯᠡᠳᠪᠤᠷᠢ︶ ᠪᠠ ᠬᠤᠭ ᠨᠣᠪᠰᠢ ᠰᠢᠢᠳᠪᠤᠷᠢᠯᠡᠬᠦ ᠳᠠᠯᠠᠪᠤᠷ ︵ᠥᠢᠯᠡᠳᠪᠤᠷᠢ︶ ᠎ ᠢ ᠪᠠᠶᠢᠭᠤᠯᠣᠨ᠂ ᠠᠵᠥ ᠥᠢᠯᠡᠳᠪᠤᠷᠢ  ᠶᠢᠨ ᠬᠥᠷᠢᠶᠠᠯᠠᠩ ᠳᠣᠭᠤᠷᠢᠭ  ᠤᠨ ᠪᠤᠵᠠᠷ ᠣᠰᠣ ᠪᠠ ᠬᠤᠭ ᠨᠣᠪᠰᠢ ᠢ ᠬᠤᠤᠷ ᠥᠬᠡᠢ ᠪᠤᠯᠭᠠᠨ ᠰᠢᠢᠳᠪᠤᠷᠢᠯᠠᠬᠦ ᠳᠥᠬᠦᠬᠡᠷᠣᠮᠵᠢ  ᠶᠢᠨ ᠪᠠᠶᠢᠭᠤᠯᠣᠯᠳᠠ  ᠶᠢ ᠪᠥᠬᠦ ᠳᠠᠯ᠎ᠠ ᠪᠠᠷ ᠡᠬᠢᠯᠡᠬᠦᠯᠥᠨ᠂ ᠣᠷᠴᠢᠨ ᠳᠣᠭᠤᠷᠢᠨ  ᠤ ᠬᠠᠮᠠᠭᠠᠯᠠᠯᠳᠠ  ᠶᠢᠨ ᠴᠢᠳᠠᠪᠤᠷᠢ  ᠶᠢ ᠳᠡᠬᠡᠭᠰᠢᠯᠡᠬᠦᠯᠥᠨ᠎ᠠ᠃ ᠭᠤᠤᠯᠳᠠᠯᠭ᠎ᠠ ᠲᠠᠢ ᠪᠤᠬᠢᠷᠳᠣᠯ ᠤᠨ ᠢᠷᠡᠯᠳᠡ  ᠶᠢ ᠠᠥ᠋ᠲ᠋ᠣᠮᠠᠲ ᠢᠶᠠᠷ ᠬᠢᠨᠠᠨ ᠡᠵᠡᠮᠳᠡᠬᠦ ᠰᠢᠰᠲ᠋ᠧᠮᠵᠢ  ᠶᠢ ᠳᠡᠬᠦᠯᠳᠡᠷᠵᠢᠬᠦᠯᠥᠨ ᠂ 111 ᠡᠷᠣᠬᠡ ᠭᠤᠤᠯᠳᠠᠯᠭ᠎ᠠ ᠲᠠᠢ ᠡᠨᠧᠷᠬᠢ ᠬᠡᠷᠡᠭᠯᠡᠬᠦ ᠠᠵᠥ ᠥᠢᠯᠡᠰ  ᠤᠨ ᠡᠨᠧᠷᠬᠢ ᠠᠷᠪᠢᠯᠠᠬᠤ ᠬᠢᠨᠠᠯᠳᠠ ᠬᠠᠮᠢᠶᠠᠷᠣᠯᠳᠠ  ᠶᠢ ᠴᠢᠩᠭᠠᠳᠬᠠᠵᠥ᠂ ᠡᠨᠧᠷᠬᠢ ᠠᠷᠪᠢᠯᠠᠵᠥ ᠣᠷᠴᠢᠨ ᠳᠣᠭᠤᠷᠢᠨ ᠢ ᠬᠠᠮᠠᠭᠠᠯᠠᠬᠤ ᠬᠠᠤᠯᠢ ᠬᠡᠷᠡᠭᠵᠢᠬᠦᠯᠥᠯᠳᠠ  ᠶᠢ ᠴᠢᠩᠭᠠᠷᠠᠭᠤᠯᠣᠨ᠂ ᠣᠷᠴᠢᠨ ᠳᠣᠭᠤᠷᠢᠨ  ᠤ ᠬᠠᠤᠯᠢ ᠵᠥᠷᠢᠴᠡᠭᠰᠡᠨ ᠥᠢᠯᠠ ᠠᠵᠢᠯᠯᠠᠭ᠎ᠠ  ᠶᠢ ᠴᠢᠩᠭ᠎ᠠ ᠪᠠᠷ ᠪᠠᠶᠢᠴᠠᠭᠠᠨ ᠰᠢᠢᠳᠪᠤᠷᠢᠯᠠᠵᠥ᠂ ᠭᠠᠵᠠᠷ ᠣᠷᠣᠨ  ᠤ ᠬᠥᠭᠵᠢᠯᠳᠡ  ᠶᠢᠨ ᠰᠢᠨ᠎ᠠ ᠳᠥᠷᠢ ᠳᠥᠷᠬᠦ  ᠶᠢ ᠱᠣᠭᠤᠨ᠎ᠠ᠃ ᠠᠵᠥ ᠥᠢᠯᠡᠳᠪᠤᠷᠢ  ᠶᠢᠨ ᠬᠥᠷᠢᠶᠠᠯᠠᠩ ᠳᠣᠭᠤᠷᠢᠭ  ᠤᠨ ᠳᠠᠪᠠᠭᠤᠯᠢᠭ ᠣᠨᠴᠠᠯᠢᠭᠳᠣ ᠠᠵᠥ ᠥᠢᠯᠡᠰ  ᠤᠨ ᠡᠷᠬᠢᠯᠳᠠᠳᠣ ᠬᠥᠭᠵᠢᠯᠳᠡ᠂ ᠰᠢᠨ᠎ᠠ ᠶᠢ ᠡᠬᠦᠳᠬᠦ ᠬᠥᠭᠵᠢᠯᠳᠠ ᠎ ᠳᠠᠬᠢ ᠥᠢᠯᠡᠳᠣᠯ  ᠢ ᠳᠥᠯᠬᠢᠨ ᠠᠬᠢᠭᠤᠯᠵᠥ᠂ ᠬᠥᠷᠢᠶᠠᠯᠠᠩ ᠳᠣᠭᠤᠷᠢᠭ ᠤᠨ ᠣᠰᠣ᠂ ᠴᠠᠬᠢᠯᠭᠠᠨ ᠬᠠᠩᠭᠠᠬᠤ᠂ ᠪᠤᠬᠢᠷᠳᠣᠯ ᠭᠠᠳᠠᠭᠰᠢᠯᠠᠭᠤᠯᠬᠤ᠂ ᠵᠠᠮ ᠱᠤᠭᠤᠮ ᠵᠡᠷᠬᠡ  ᠶᠢᠨ ᠠᠰᠠᠭᠤᠳᠠᠯ  ᠢ ᠳᠥᠪᠯᠡᠷᠡᠬᠦᠯᠥᠨ ᠰᠠᠶᠢᠳᠣᠷ ᠰᠢᠢᠳᠪᠤᠷᠢᠯᠠᠵᠥ᠂ ᠪᠥᠬᠦ ᠬᠤᠳᠠ  ᠶᠢᠨ 14 ᠠᠵᠥ ᠥᠢᠯᠡᠳᠪᠤᠷᠢ ᠶᠢᠨ ᠬᠥᠷᠢᠶᠠᠯᠠᠩ ᠳᠣᠭᠤᠷᠢᠭ  ᠤᠨ ᠶᠡᠷᠣᠩᠬᠡᠶᠢᠯᠡᠭᠰᠡᠨ ᠳᠥᠬᠦᠷᠵᠢᠬᠦᠯᠬᠦ ᠴᠢᠳᠠᠪᠬᠢ ᠪᠠ ᠬᠥᠴᠣᠨ ᠵᠥᠢᠯ  ᠢ ᠲᠦᠪᠯᠡᠷᠡᠬᠦᠯᠬᠦ ᠴᠢᠳᠠᠪᠤᠷᠢ ᠶᠢ ᠣᠯᠠᠮ ᠨᠢᠬᠡ ᠠᠯᠬᠤᠮ ᠳᠡᠬᠡᠭᠰᠢᠯᠡᠬᠦᠯᠣᠨ᠂ ᠣᠯᠣᠰ  ᠤᠨ ᠳᠠᠰ ᠤᠨ ᠡᠷᠬᠢᠯᠳᠠᠳᠣ ᠠᠵᠥ ᠠᠬᠤᠢ  ᠶᠢᠨ ᠰᠠᠭᠤᠷᠢᠨ ᠭᠠᠵᠠᠷ  ᠢ  ᠪᠠᠶᠢᠭᠤᠯᠣᠨ᠎ᠠ᠃      ︵ᠳᠥᠷᠪᠡ︶ ᠵᠠᠭᠤᠨ ᠳᠥᠮᠠᠨ ᠬᠥᠮᠣᠨ ᠠᠮᠠ ᠲᠠᠢ ᠣᠳᠣᠬᠢᠴᠢᠯᠠᠭᠰᠠᠨ ᠣᠷᠣᠨ ᠪᠥᠰᠠ  ᠶᠢᠨ ᠳᠥᠪ ᠬᠤᠳᠠ ᠶᠢ  ᠪᠠᠶᠢᠭᠤᠯᠬᠤ ᠪᠠᠷ ᠴᠢᠷᠮᠠᠶᠢᠵᠥ᠂ ᠬᠤᠳᠠ ᠎ ᠶᠢᠨ ᠭᠤᠤᠯ ᠳᠣᠭᠤᠷᠢᠭ  ᠤᠨ ᠪᠥᠳᠣᠬᠡᠨ ᠪᠠᠶᠢᠭᠤᠯᠣᠯᠳᠠ ᠶᠢ ᠶᠡᠬᠡᠪᠡᠷ ᠠᠬᠢᠭᠤᠯᠣᠨ᠎ᠠ᠃ ᠪᠥᠬᠦ ᠣᠯᠣᠰ  ᠤᠨ ᠡᠮᠣᠨ᠎ᠠ ᠡᠩᠨᠡᠬᠡᠨ  ᠳᠤ ᠣᠷᠣᠵᠥ᠂ ᠳᠠᠯᠠᠬᠡᠢ  ᠶᠢᠨ ᠳᠡᠷᠢᠬᠦᠨ ᠵᠡᠷᠬᠡ  ᠳᠤ ᠬᠥᠷᠬᠦ᠂ ᠣᠳᠣᠬᠢᠴᠢᠯᠠᠯᠳᠠ ᠵᠥᠭ ᠣᠷᠣᠭᠰᠢᠯᠠᠬᠤ ᠱᠠᠭᠠᠷᠳᠠᠯᠭ᠎ᠠ ᠶᠤᠰᠤᠭᠠᠷ᠂ ᠨᠠᠩ ᠶᠡᠭᠡ ᠬᠥᠴᠣᠯᠠᠴᠠ᠂ ᠨᠠᠩ ᠬᠠᠳᠠᠭᠤ ᠠᠷᠭ᠎ᠠ ᠬᠡᠮᠵᠢᠶ᠎ᠠ ᠎ ᠪᠠᠷ ᠬᠤᠳᠠ  ᠶᠢᠨ ᠭᠤᠤᠯ ᠳᠣᠭᠤᠷᠢᠭ  ᠤᠨ ᠪᠥᠳᠣᠬᠡᠨ ᠪᠠᠶᠢᠭᠤᠯᠣᠯᠳᠠ  ᠶᠢ ᠪᠥᠬᠦ ᠳᠠᠯ᠎ᠠ ᠪᠠᠷ ᠳᠥᠷᠬᠡᠳᠬᠡᠨ᠎ᠡ᠃      ᠬᠤᠳᠠ ᠶᠢᠨ ᠳᠠᠭᠠᠭᠠᠬᠤ ᠴᠢᠳᠠᠪᠤᠷᠢ  ᠶᠢ ᠳᠡᠬᠡᠭᠰᠢᠯᠡᠬᠦᠯᠥᠨ᠎ᠠ᠃ ᠬᠤᠳᠠ  ᠶᠢᠨ ᠬᠥᠷᠢᠶ᠎ᠠ ᠬᠡᠪᠴᠢᠶ᠎ᠠ  ᠶᠢ ᠥᠷᠬᠡᠳᠬᠡᠵᠥ᠂ ᠬᠤᠳᠠ  ᠶᠢᠨ ᠪᠠᠭᠳᠠᠭᠠᠮᠵᠢ  ᠶᠢ ᠨᠡᠮᠡᠭᠳᠡᠬᠦᠯᠬᠦ ᠪᠠᠷ ᠭᠤᠤᠯ ᠳᠣᠭᠤᠷᠢᠭ  ᠤᠨ ᠪᠥᠳᠣᠬᠡᠨ ᠪᠠᠶᠢᠭᠤᠯᠣᠯᠳᠠ ᠶᠢ ᠠᠬᠢᠭᠤᠯᠬᠤ ᠳᠡᠷᠢᠬᠦᠨ ᠴᠢᠬᠤᠯᠠ ᠡᠬᠦᠷᠬᠡ ᠪᠤᠯᠭᠠᠵᠥ᠂ ᠨᠢᠬᠡ ᠪᠥᠯᠥᠭ ᠴᠢᠬᠤᠯᠠ ᠶᠡᠭᠡ ᠬᠤᠳᠠ  ᠶᠢᠨ ᠪᠥᠳᠣᠬᠡᠨ ᠪᠠᠶᠢᠭᠤᠯᠣᠯᠳᠠ  ᠶᠢᠨ ᠳᠥᠷᠣᠯ ᠵᠥᠢᠯ  ᠢ ᠡᠬᠢᠯᠡᠬᠦᠯᠥᠨ᠎ᠠ᠃ ᠡᠨᠡ ᠵᠢᠯ ᠬᠤᠳᠠ  ᠶᠢᠨ ᠭᠤᠤᠯ ᠳᠣᠭᠤᠷᠢᠭ ᠤᠨ ᠰᠢᠨ᠎ᠠ ᠪᠠᠷ ᠡᠬᠢᠯᠡᠬᠦᠯᠬᠦ ᠪᠠᠷᠢᠯᠭ᠎ᠠ  ᠶᠢᠨ ᠳᠠᠯᠠᠪᠠᠢ  ᠶᠢ 800 ᠳᠥᠮᠠᠨ ᠬᠠᠪᠳᠠᠭᠠᠢ ᠳᠥᠷᠪᠡᠯᠵᠢᠨ ᠮᠧᠲᠷ  ᠠᠴᠠ ᠳᠡᠬᠡᠭᠰᠢ  ᠳᠤ ᠬᠥᠷᠬᠡᠨ᠎ᠠ᠂ ᠡᠬᠦᠨ  ᠳᠤ ᠬᠢᠶ᠎ᠠ ᠪᠠᠭᠰᠢ ᠰᠢᠨ᠎ᠠ ᠳᠣᠭᠤᠷᠢᠭ ᠎ ᠤᠨ ᠪᠠᠷᠢᠯᠭ᠎ᠠ ᠡᠬᠢᠯᠡᠬᠦᠯᠥᠭᠰᠡᠨ ᠳᠠᠯᠠᠪᠠᠢ 400 ᠳᠥᠮᠠᠨ ᠬᠠᠪᠳᠠᠭᠠᠢ ᠳᠥᠷᠪᠡᠯᠵᠢᠨ ᠮᠧᠲᠷ ᠪᠤᠯᠣᠨ᠎ᠠ᠃ ᠰᠠᠭᠤᠭᠠᠯᠢ ᠠᠷᠠᠳ᠂ ᠵᠠᠰᠠᠭ ᠵᠠᠬᠢᠷᠭ᠎ᠠ ᠠᠵᠢᠯ ᠥᠢᠯᠡᠰ ᠎ ᠤᠨ ᠨᠢᠬᠡᠴᠡ  ᠶᠢ ᠰᠢᠯᠵᠢᠬᠦᠯᠥᠨ ᠨᠡᠬᠦᠯᠬᠡᠵᠥ ᠰᠢᠨ᠎ᠠ ᠳᠣᠭᠤᠷᠢᠭ ᠲᠤ ᠰᠠᠭᠤᠯᠭᠠᠬᠤ ᠠᠯᠬᠤᠴᠠ  ᠶᠢ ᠳᠥᠷᠬᠡᠳᠬᠡᠨ᠂ ᠬᠠᠷᠠᠭᠠᠯᠵᠠᠯ  ᠤᠨ ᠳᠥᠷᠣ  ᠶᠢᠨ ᠪᠤᠳᠣᠯᠭ᠎ᠠ ᠳᠣᠭᠳᠠᠭᠠᠵᠥ᠂ ᠨᠠᠩ ᠣᠯᠠᠨ ᠠᠵᠥ ᠠᠬᠤᠶᠢᠯᠠᠯ᠂ ᠬᠤᠳᠠᠯᠳᠣᠭᠠᠴᠢᠨ  ᠢ ᠰᠢᠨ᠎ᠠ ᠳᠣᠭᠤᠷᠢᠭ  ᠲᠤ ᠳᠠᠳᠠᠨ ᠠᠪᠴᠢᠷᠠᠵᠥ ᠪᠠᠯᠠ ᠣᠷᠣᠭᠤᠯᠣᠨ ᠥᠢᠯᠡᠰ ᠪᠥᠳᠣᠬᠡᠵᠥ᠂ ᠬᠥᠭᠵᠢᠶᠠᠨᠳᠣ  ᠪᠠᠶᠢᠳᠠᠯ ᠢ ᠪᠤᠢ ᠪᠤᠯᠭᠠᠨ᠎ᠠ᠃ ᠰᠢᠨ᠎ᠠ ᠪᠠᠷ ᠪᠠᠶᠢᠭᠤᠯᠬᠤ ᠪᠠ ᠥᠬᠡᠷᠡᠴᠢᠯᠠᠨ ᠪᠠᠶᠢᠭᠤᠯᠬᠤ  ᠶᠢ ᠬᠠᠷᠢᠯᠴᠠᠨ ᠣᠶᠠᠯᠳᠣᠭᠤᠯᠬᠤ  ᠶᠢ ᠪᠠᠷᠢᠮᠳᠠᠯᠠᠵᠥ᠂ ᠳ᠋ᠥᠩᠱᠧᠩ  ᠤᠨ ᠳᠠᠮᠣᠷ ᠵᠠᠮ  ᠤᠨ ᠪᠠᠷᠠᠭᠤᠨ ᠪᠠᠶ᠎ᠠ  ᠶᠢᠨ ᠬᠤᠶᠠᠳᠣᠭᠠᠷ ᠬᠤᠭᠤᠴᠠᠭᠠᠨ  ᠤ ᠪᠠᠷᠢᠯᠭ᠎ᠠ᠂ ᠠᠯᠳᠠᠨᠰᠢᠷᠡᠭᠡ ᠪᠠᠯᠭᠠᠰᠣᠨ  ᠤ ᠣᠮᠠᠷᠠᠳᠣ ᠳᠣᠭᠤᠷᠢᠭ  ᠤᠨ ᠪᠥᠳᠣᠬᠡᠨ ᠪᠠᠶᠢᠭᠤᠯᠣᠯᠳᠠ ᠶᠢ ᠳᠥᠯᠬᠢᠨ ᠠᠬᠢᠭᠤᠯᠣᠨ᠂ ᠳ᠋ᠥᠩᠱᠧᠩ᠂ ᠠᠯᠳᠠᠨᠰᠢᠷᠡᠭᠡ ᠪᠠᠯᠭᠠᠰᠳ  ᠤ ᠬᠠᠭᠤᠴᠢᠨ ᠬᠤᠳᠠ ᠶᠢ ᠥᠬᠡᠷᠡᠴᠢᠯᠠᠨ ᠵᠠᠰᠠᠬᠤ  ᠶᠢ ᠳᠥᠷᠬᠡᠳᠬᠡᠵᠥ᠂ ᠳ᠋ᠥᠩᠱᠧᠩ  ᠤᠨ ᠳᠠᠮᠣᠷ ᠵᠠᠮ  ᠤᠨ ᠪᠠᠷᠠᠭᠤᠨ ᠪᠠᠶ᠎ᠠ  ᠶᠢᠨ ᠭᠤᠷᠪᠠᠳᠣᠭᠠᠷ ᠬᠤᠭᠤᠴᠠᠭᠠᠨ  ᠤ ᠪᠠᠷᠢᠯᠭ᠎ᠠ  ᠶᠢᠨ ᠪᠥᠳᠣᠬᠡᠨ ᠪᠠᠶᠢᠭᠤᠯᠣᠯᠳᠠ  ᠶᠢ ᠡᠬᠢᠯᠡᠬᠦᠯᠥᠨ᠎ᠠ᠃     ᠬᠤᠳᠠ ᠶᠢᠨ ᠥᠢᠯᠡᠴᠢᠯᠡᠬᠡᠨ ᠤ ᠴᠢᠳᠠᠪᠤᠷᠢ ᠶᠢ ᠳᠡᠬᠦᠯᠳᠡᠷᠵᠢᠬᠦᠯᠥᠨ᠎ᠠ᠃ ᠬᠤᠳᠠ  ᠶᠢᠨ ᠵᠠᠮ  ᠤᠨ ᠲᠤᠤᠷ  ᠤᠨ ᠪᠤᠷᠣ ᠳᠥᠯᠣᠪ  ᠢ ᠣᠯᠠᠮ ᠨᠢᠬᠡ ᠠᠯᠬᠤᠮ ᠳᠡᠬᠦᠯᠳᠡᠷᠵᠢᠬᠦᠯᠵᠥ᠂ ᠰᠢᠨᠵᠢᠯᠡᠬᠦ ᠣᠬᠠᠭᠠᠨᠴᠢ ᠵᠦᠢ ᠵᠤᠬᠢᠰᠳᠠᠢ ᠬᠤᠳᠠ  ᠶᠢᠨ ᠵᠠᠮ ᠬᠠᠷᠢᠯᠴᠠᠭᠠᠨ  ᠤ ᠰᠢᠰᠲ᠋ᠧᠮᠵᠢ  ᠶᠢ ᠪᠠᠶᠢᠭᠤᠯᠣᠨ᠎ᠠ᠃ ᠣᠯᠠᠨ ᠨᠠᠶᠢᠳᠠ  ᠶᠢᠨ ᠵᠠᠮ ᠬᠠᠷᠢᠯᠴᠠᠭ᠎ᠠ  ᠶᠢ ᠣᠷᠢᠳᠠᠪᠠᠷ ᠬᠥᠭᠵᠢᠬᠦᠯᠥᠨ᠂ ᠭᠤᠤᠯ ᠳᠣᠭᠤᠷᠢᠭ  ᠤᠨ ᠨᠠᠶᠢᠳᠠ  ᠶᠢᠨ ᠮᠠᠰᠢᠨ ᠳᠡᠷᠬᠡᠨ  ᠤ ᠵᠠᠮ ᠱᠣᠭᠤᠮ ᠪᠠ ᠥᠷᠳᠡᠭᠡ ᠵᠤᠭᠰᠣᠭᠠᠯ  ᠤᠨ ᠪᠠᠶᠢᠷᠢᠯᠠᠭᠤᠯᠣᠯᠳᠠ ᠶᠢ ᠰᠢᠯᠢᠳᠡᠭᠵᠢᠬᠦᠯᠵᠥ᠂ ᠳᠡᠷᠬᠡ ᠮᠠᠰᠢᠨ  ᠢ ᠰᠢᠨᠡᠳᠬᠡᠨ᠂ ᠳᠤᠭ᠎ᠠ ᠬᠡᠮᠵᠢᠶ᠎ᠠ  ᠶᠢ ᠨᠡᠮᠡᠭᠳᠡᠬᠦᠯᠤᠨ᠂ ᠳ᠋ᠥᠩᠱᠧᠩ ᠠᠴᠠ ᠬᠢᠶ᠎ᠠ ᠪᠠᠭᠰᠢ ᠬᠥᠷᠬᠦ ᠬᠤᠳᠠ  ᠶᠢᠨ ᠬᠥᠩᠬᠡᠨ ᠵᠠᠮ ᠢ ᠡᠬᠢᠯᠡᠬᠦᠯᠣᠨ ᠪᠠᠶᠢᠭᠤᠯᠬᠤ ᠪᠠᠷ ᠴᠢᠷᠮᠠᠶᠢᠵᠥ᠂ ᠭᠤᠤᠯ ᠳᠣᠭᠤᠷᠢᠭ  ᠤᠨ ᠵᠠᠮ ᠬᠠᠷᠢᠯᠴᠠᠭ᠎ᠠ ᠰᠢᠬᠠᠯᠳᠣᠬᠤ᠂ ᠭᠠᠷᠴᠣ ᠶᠠᠪᠤᠬᠤ  ᠳᠤ ᠳᠥᠬᠦᠮ ᠥᠬᠡᠢ ᠠᠰᠠᠭᠤᠳᠠᠯ  ᠢ ᠥᠳᠳᠡᠷ ᠳᠥᠷᠬᠡᠨ ᠰᠢᠢᠳᠪᠤᠷᠢᠯᠠᠨ᠎ᠠ᠃ ᠬᠢᠶ᠎ᠠ ᠪᠠᠭᠰᠢ ᠰᠢᠨ᠎ᠠ ᠳᠣᠭᠤᠷᠢᠭ ᠤᠨ ᠣᠢ ᠰᠢᠭᠤᠢ  ᠶᠢᠨ ᠴᠡᠴᠡᠷᠯᠢᠭ᠂ ᠪᠠᠶ᠎ᠠ  ᠶᠢᠨ ᠳᠠᠮᠢᠷ  ᠤᠨ ᠳᠥᠪ᠂ ᠣᠯᠠᠨ ᠨᠠᠶᠢᠳᠠ  ᠶᠢᠨ ᠡᠷᠡᠬᠦᠯ ᠬᠠᠮᠠᠭᠠᠯᠠᠯ ᠤᠨ ᠳᠣᠮᠣ ᠠᠰᠠᠷ᠂ ᠮᠣᠩᠭᠤᠯ ᠡᠮᠨᠡᠯᠬᠡ  ᠶᠢᠨ ᠬᠤᠷᠢᠶ᠎ᠠ᠂ ᠭᠤᠷᠪᠠᠨ ᠬᠥᠬᠡ ᠳᠠᠰ  ᠤᠨ ᠡᠮᠨᠡᠯᠬᠡ ᠎ ᠶᠢᠨ ᠬᠤᠷᠢᠶ᠎ᠠ᠂ ᠴᠢᠳᠠᠪᠤᠷᠢᠳᠠᠨ ᠮᠡᠷᠬᠡᠵᠢᠯᠳᠠᠳ ᠤᠨ ᠨᠠᠶᠢᠳᠠ  ᠶᠢᠨ ᠪᠠᠶᠢᠷᠢ᠂ ᠬᠤᠳᠠ ᠶᠢᠨ ᠨᠢᠬᠡᠳᠣᠬᠡᠷ ᠳᠣᠮᠳᠠᠳᠣ ᠰᠣᠷᠭᠠᠭᠤᠯᠢ ᠪᠠ ᠮᠣᠩᠭᠤᠯ ᠥᠨᠳᠣᠰᠣᠳᠠᠨ ᠤ ᠰᠣᠷᠭᠠᠭᠤᠯᠢ ᠶᠢᠨ ᠰᠢᠨ᠎ᠠ ᠰᠣᠷᠭᠠᠭᠤᠯᠢ  ᠶᠢᠨ ᠳᠣᠭᠤᠷᠢᠭ  ᠤᠨ ᠪᠥᠳᠣᠬᠡᠨ ᠪᠠᠶᠢᠭᠤᠯᠣᠯᠳᠠ ᠶᠢ ᠳᠥᠷᠬᠡᠨ ᠠᠬᠢᠭᠤᠯᠵᠥ᠂ ᠰᠢᠨ᠎ᠠ ᠪᠠᠷ ᠨᠢᠬᠡ ᠪᠥᠯᠥᠭ ᠬᠤᠳᠠᠯᠳᠤᠭ᠎ᠠ᠂ ᠢᠳᠡᠬᠡᠨ ᠣᠮᠳᠠᠭᠠᠨ᠂ ᠵᠤᠴᠢᠳ ᠤᠨ ᠪᠠᠭᠤᠳᠠᠯ᠂ ᠰᠣᠶᠣᠯ ᠵᠤᠭ᠎ᠠ ᠴᠠᠩᠬᠡᠯ ᠵᠡᠷᠬᠡ ᠣᠯᠠᠨ ᠨᠠᠶᠢᠳᠠ ᠶᠢᠨ ᠥᠢᠯᠡᠴᠢᠯᠡᠬᠡᠨ ᠤ ᠳᠣᠨᠤᠭ ᠳᠥᠬᠦᠬᠡᠷᠣᠮᠵᠢ ᠶᠢ ᠪᠠᠶᠢᠭᠤᠯᠵᠥ ᠂ ᠣᠰᠣ᠂ ᠴᠠᠬᠢᠯᠭᠠᠨ᠂ ᠳᠣᠯᠠᠭᠠᠯᠠᠮᠵᠢ᠂ ᠬᠡᠢ ᠬᠠᠩᠭᠠᠬᠤ᠂ ᠪᠤᠬᠢᠷᠳᠣᠯ ᠭᠠᠳᠠᠭᠰᠢᠯᠠᠭᠤᠯᠬᠤ᠂ ᠬᠤᠭ ᠨᠣᠪᠰᠢ ᠰᠢᠢᠳᠪᠤᠷᠢᠯᠠᠬᠦ ᠵᠡᠷᠬᠡ ᠬᠤᠳᠠ  ᠶᠢᠨ ᠶᠠᠪᠤᠳᠠᠯ  ᠤᠨ ᠥᠢᠯᠡᠴᠢᠯᠡᠬᠡᠨ ᠤ ᠳᠣᠨᠤᠭ ᠳᠥᠬᠦᠬᠡᠷᠣᠮᠵᠢ ᠶᠢ ᠣᠯᠠᠮ ᠨᠢᠬᠡ ᠠᠯᠬᠤᠮ ᠳᠡᠬᠦᠯᠳᠡᠷᠵᠢᠬᠦᠯᠵᠥ᠂ ᠶᠡᠭᠡ ᠬᠥᠷᠢᠶ᠎ᠠ ᠬᠡᠪᠴᠢᠶ᠎ᠠ ᠪᠠᠷ ᠬᠥᠮᠣᠨ ᠠᠮᠠ ᠰᠠᠭᠤᠷᠢᠰᠢᠬᠤ  ᠳᠤ ᠨᠥᠬᠦᠴᠡᠯ ᠡᠬᠦᠳᠣᠨ᠎ᠠ᠃      ᠬᠤᠳᠠ ᠶᠢᠨ ᠠᠭᠤᠯᠣᠭᠳᠠᠬᠤᠨ ᠤ ᠴᠢᠨᠠᠷ ᠳᠠᠰ ᠢ ᠳᠡᠬᠡᠭᠰᠢᠯᠡᠬᠦᠯᠥᠨ᠎ᠠ᠃ ︽ᠬᠤᠳᠠ ᠶᠢᠨ ᠳᠣᠭᠤᠷᠢᠭ  ᠤᠨ ᠣᠷᠣᠨ ᠵᠠᠢ ᠶᠢᠨ ᠬᠥᠭᠵᠢᠯᠳᠡ  ᠶᠢᠨ ᠳᠥᠯᠣᠪᠵᠢᠬᠦᠯᠬᠡ︾ ᠎ ᠶᠢ ᠴᠢᠩᠭ᠎ᠠ ᠨᠠᠶᠢᠳᠠᠪᠤᠷᠢᠵᠢᠭᠤᠯᠵᠥ᠂ ᠬᠤᠳᠠ ᠪᠠᠯᠭᠠᠰᠣᠨ  ᠤ ᠰᠢᠰᠲ᠋ᠧᠮᠵᠢ  ᠶᠢᠨ ᠳᠥᠯᠣᠪᠵᠢᠬᠦᠯᠬᠡ  ᠶᠢ ᠳᠡᠬᠦᠯᠳᠡᠷᠵᠢᠬᠦᠯᠥᠨ᠂ ᠳᠥᠯᠣᠪᠵᠢᠬᠦᠯᠬᠡ  ᠶᠢᠨ ᠵᠢᠯᠣᠭᠤᠳᠬᠤ ᠴᠢᠨᠠᠷ᠂ ᠡᠷᠬᠡ ᠬᠥᠨᠳᠣᠳᠣ ᠴᠢᠨᠠᠷ ᠪᠠ ᠳᠥᠪ ᠴᠢᠩᠭ᠎ᠠ ᠴᠢᠨᠠᠷ ᠢ ᠴᠢᠩᠭᠠᠷᠠᠭᠤᠯᠵᠥ᠂ ᠳᠥᠯᠣᠪᠵᠢᠬᠦᠯᠬᠡ  ᠶᠢᠨ  ᠳᠣᠬᠢᠷᠠᠭᠤᠯᠣᠨ ᠡᠵᠡᠮᠰᠢᠬᠦ ᠥᠢᠯᠡᠳᠣᠯ  ᠢ ᠥᠨᠡᠨᠬᠦ ᠪᠠᠳᠠᠷᠠᠭᠤᠯᠣᠨ᠎ᠠ᠃ ᠳᠣᠪᠤᠶᠢᠮ᠎ᠠ ᠣᠨᠴᠠᠯᠢᠭ ᠲᠠᠢ ᠬᠤᠳᠠ  ᠶᠢᠨ ᠴᠡᠴᠡᠷᠯᠢᠭᠵᠢᠬᠦᠯᠥᠨ ᠨᠣᠭᠤᠭᠠᠷᠠᠭᠤᠯᠬᠤ ᠰᠢᠰᠲ᠋ᠧᠮ  ᠢ ᠳᠥᠷᠬᠡᠨ ᠪᠠᠶᠢᠭᠤᠯᠵᠥ᠂ ᠡᠨᠡ ᠵᠢᠯ ᠬᠤᠳᠠ  ᠶᠢᠨ ᠨᠣᠭᠤᠭᠠᠷᠠᠭᠤᠯᠣᠯᠳᠠ  ᠶᠢ ᠰᠢᠨ᠎ᠠ ᠪᠠᠷ 2000 ᠳᠥᠮᠠᠨ ᠬᠠᠪᠳᠠᠭᠠᠢ ᠳᠥᠷᠪᠡᠯᠵᠢᠨ ᠮᠧᠲᠷ ᠨᠡᠮᠡᠭᠳᠡᠬᠦᠯᠵᠥ᠂ ᠶᠠᠩ ᠴᠠᠩ ᠬᠤᠤ᠂ ᠣᠯᠠᠭᠠᠨᠮᠥ᠋ᠷᠡᠨ ᠭᠤᠤᠯ  ᠤᠨ ᠥᠵᠡᠮᠣᠷᠢ  ᠶᠢ ᠥᠬᠡᠷᠡᠴᠢᠯᠠᠬᠦ ᠪᠠᠷᠢᠯᠭ᠎ᠠ  ᠶᠢ ᠪᠠᠶᠠᠯᠠᠬᠦᠯᠥᠨ᠂ ᠠᠮᠢ ᠠᠬᠤᠢ ᠶᠢᠨ ᠬᠡᠯᠪᠡᠷᠢ  ᠶᠢᠨ ᠣᠷᠣᠰᠢᠨ ᠰᠠᠭᠤᠬᠤ ᠣᠷᠴᠢᠨ ᠳᠣᠭᠤᠷᠢᠨ  ᠢ ᠪᠤᠢ ᠪᠤᠯᠭᠠᠨ᠎ᠠ᠃ ᠬᠤᠳᠠ  ᠶᠢᠨ ᠪᠥᠬᠦᠯᠢ ᠴᠣᠭᠴᠠᠳᠣ ᠬᠡᠪ ᠨᠠᠮᠪᠠ  ᠶᠢ ᠱᠣᠭᠤᠬᠤ  ᠶᠢ ᠳᠡᠬᠡᠳᠣ ᠬᠡᠮᠵᠢᠶ᠎ᠠ ᠪᠠᠷ ᠴᠢᠬᠤᠯᠠᠴᠢᠯᠠᠵᠥ᠂ ᠬᠤᠳᠠ  ᠶᠢ ᠪᠥᠳᠣᠬᠡᠯᠴᠢ ᠪᠠᠷ ᠵᠢᠷᠣᠭᠯᠠᠨ ᠳᠥᠯᠣᠪᠯᠡᠬᠦ  ᠶᠢ ᠴᠢᠩᠭᠠᠳᠬᠠᠵᠥ᠂ ᠭᠠᠵᠠᠷ ᠣᠷᠣᠨ ᠤ ᠰᠣᠶᠣᠯ᠂ ᠥᠨᠳᠣᠰᠣᠳᠠᠨ  ᠤ ᠵᠠᠩ ᠳᠠᠳᠬᠠᠯ ᠬᠢᠬᠡᠳ ᠣᠳᠣ ᠥᠶ᠎ᠠ  ᠶᠢᠨ ᠮᠡᠷᠬᠡᠵᠢᠯ  ᠤᠨ ᠠᠷᠭ᠎ᠠ ᠪᠠᠷᠢᠯ  ᠢ ᠣᠷᠭᠠᠨᠢᠭ ᠢᠶᠠᠷ ᠣᠶᠠᠯᠳᠣᠭᠤᠯᠵᠥ᠂ ᠭᠠᠵᠠᠷ ᠣᠷᠣᠨ  ᠤ ᠥᠪᠡᠷᠮᠢᠴᠡ ᠣᠨᠴᠠᠯᠢᠭ ᠲᠠᠢ ᠪᠥᠬᠡᠳ ᠣᠷᠠᠯᠢᠭ  ᠤᠨ ᠬᠡᠪ ᠨᠠᠮᠪᠠ ᠲᠠᠢ ᠪᠡᠯᠬᠡ ᠳᠡᠮᠳᠡᠭᠳᠣ ᠥᠵᠡᠮᠣᠷᠢ  ᠶᠢᠨ ᠪᠠᠷᠢᠯᠭ᠎ᠠ  ᠶᠢ ᠡᠬᠦᠳᠣᠨ ᠪᠠᠶᠢᠭᠤᠯᠣᠨ᠂ ᠠᠽᠢᠶ᠎ᠠ  ᠶᠢᠨ ᠱᠣᠭᠤᠮᠠᠯ  ᠤᠨ ᠣᠷᠠᠯᠢᠭ  ᠤᠨ ᠭᠤᠤᠯ ᠰᠠᠳᠣᠪᠳᠣ ᠴᠡᠴᠡᠷᠯᠢᠭ ᠪᠤᠯᠭᠠᠨ ᠪᠠᠶᠢᠭᠤᠯᠵᠥ᠂ ᠳᠠᠩᠰᠤᠭ ᠰᠠᠶᠢᠬᠠᠨ ᠬᠤᠳᠠ  ᠶᠢᠨ ᠬᠡᠪ ᠨᠠᠮᠪᠠ ᠥᠩᠬᠡ ᠥᠵᠡᠮᠵᠢ  ᠶᠢ ᠪᠤᠢ ᠪᠤᠯᠭᠠᠨ᠎ᠠ᠃      ᠬᠤᠳᠠ ᠶᠢᠨ ᠬᠠᠮᠢᠶᠠᠷᠣᠯᠳᠠ ᠶᠢᠨ ᠪᠠᠶᠢᠭᠤᠯᠣᠮᠵᠢ  ᠶᠢ ᠳᠡᠬᠦᠯᠳᠡᠷᠵᠢᠬᠦᠯᠣᠨ᠎ᠠ᠃ ᠬᠤᠳᠠ ᠬᠤᠰᠢᠭᠤ ᠬᠤᠶᠠᠷ ᠱᠠᠳᠣᠨ  ᠤ ᠬᠤᠳᠠ  ᠶᠢᠨ ᠬᠠᠮᠢᠶᠠᠷᠣᠯᠳᠠ  ᠶᠢᠨ ᠶᠡᠷᠣᠩᠬᠡᠶᠢᠯᠡᠭᠰᠡᠨ ᠬᠠᠤᠯᠢ ᠬᠡᠷᠡᠭᠵᠢᠬᠦᠯᠬᠦ ᠳᠣᠪᠴᠢᠶ᠎ᠠ ᠶᠢ ᠵᠤᠬᠢᠶᠠᠨ ᠪᠠᠶᠢᠭᠤᠯᠵᠥ᠂ ᠡᠷᠬᠡ  ᠬᠠᠷᠢᠭᠤᠴᠠᠯᠭ᠎ᠠ  ᠶᠢ ᠨᠢᠬᠡᠳᠣᠬᠦᠯᠥᠭᠰᠠᠨ ᠠᠵᠢᠯᠯᠠᠭᠠᠨ  ᠤ ᠳᠣᠭᠳᠠᠴᠠ  ᠶᠢ ᠳᠡᠬᠦᠯᠳᠡᠷᠵᠢᠬᠦᠯᠥᠨ᠂ ᠠᠵᠢᠯ  ᠤᠨ ᠭᠤᠤᠯᠳᠠᠯᠭ᠎ᠠ  ᠶᠢ ᠨᠠᠶᠢᠬᠡᠮ ᠳᠣᠭᠤᠷᠢᠭ  ᠤᠨ ᠥᠢᠯᠡᠴᠢᠯᠡᠭᠡ ᠪᠠ ᠬᠤᠳᠠ ᠶᠢᠨ ᠬᠠᠮᠢᠶᠠᠷᠣᠯᠳᠠ ᠳᠡᠬᠡᠷ᠎ᠠ ᠰᠢᠯᠵᠢᠬᠦᠯᠵᠥ᠂ ᠬᠤᠳᠠ ᠎ ᠶᠢᠨ ᠬᠠᠮᠢᠶᠠᠷᠣᠯᠳᠠ  ᠶᠢ ᠨᠠᠷᠢᠯᠢᠭᠵᠢᠭᠤᠯᠬᠤ ᠪᠠ ᠬᠥᠮᠣᠨᠴᠢᠯᠡᠬᠦ ᠳᠠᠰᠢ ᠰᠢᠯᠵᠢᠬᠦᠯᠬᠦ  ᠶᠢ ᠠᠬᠢᠭᠤᠯᠣᠨ᠎ᠠ᠃ ᠵᠠᠷ  ᠤᠨ ᠫᠠᠶᠢᠰᠠ᠂ ᠣᠷᠴᠢᠨ ᠳᠣᠭᠤᠷᠢᠨ  ᠤ ᠡᠷᠡᠬᠦᠯ ᠬᠠᠮᠠᠭᠠᠯᠠᠯ ᠪᠠ ᠬᠤᠳᠠ ᠶᠢᠨ ᠵᠠᠮ ᠬᠠᠷᠢᠯᠴᠠᠭᠠᠨ  ᠤ ᠡᠮᠬᠢ ᠳᠢᠭᠯᠢᠮ  ᠢ ᠳᠥᠪᠯᠡᠷᠡᠬᠦᠯᠥᠨ ᠵᠠᠰᠠᠵᠥ᠂ ᠪᠤᠯᠪᠠᠰᠣᠨ ᠥᠢᠯᠠ ᠠᠵᠢᠯᠯᠠᠭ᠎ᠠ  ᠶᠢ ᠥᠷᠬᠡᠨ ᠣᠯᠠᠨ ᠬᠤᠳᠠ ᠎ ᠶᠢᠨ ᠠᠷᠠᠳ  ᠤᠨ ᠣᠬᠠᠮᠰᠠᠷᠳᠣ ᠠᠵᠢᠯᠯᠠᠭ᠎ᠠ ᠪᠤᠯᠭᠠᠨ᠎ᠠ᠃ ᠡᠯ᠎ᠠ ᠳᠥᠷᠣᠯ  ᠤᠨ ᠵᠠᠰᠠᠭ  ᠤᠨ ᠶᠠᠪᠤᠳᠠᠯ  ᠤᠨ ᠴᠢᠮᠡᠭᠡ ᠵᠠᠩᠬᠢ ᠪᠠ ᠭᠠᠯ ᠣᠨᠳᠠᠷᠠᠭᠠᠬᠤ᠂ ᠴᠠᠭᠳᠠᠭᠠᠨ ᠎ ᠤ ᠶᠠᠪᠤᠳᠠᠯ᠂ ᠡᠮ ᠡᠮᠨᠡᠯᠬᠡ ᠶᠢᠨ ᠠᠪᠤᠷᠠᠨ ᠳᠣᠰᠠᠯᠠᠬᠤ ᠵᠡᠷᠬᠡ ᠪᠠᠴᠢᠮ ᠠᠷᠭᠠᠴᠠᠬᠤ ᠴᠢᠮᠡᠭᠡ ᠵᠠᠩᠬᠢ  ᠶᠢᠨ ᠡᠬᠢ ᠪᠠᠶᠠᠯᠢᠭ  ᠢ ᠪᠥᠳᠣᠮᠵᠢᠳᠠᠢ ᠨᠢᠬᠡᠳᠬᠡᠵᠥ᠂ ᠨᠢᠬᠡ ᠴᠣᠭᠴᠠᠵᠢᠭᠰᠠᠨ ᠴᠢᠮᠡᠭᠡ ᠵᠠᠩᠬᠢ  ᠶᠢᠨ ᠳᠠᠪᠴᠠᠩ ᠪᠠ ᠵᠠᠮ ᠱᠤᠭᠤᠮ  ᠢ ᠪᠠᠶᠢᠭᠤᠯᠵᠥ᠂ ︽ᠳᠣᠭᠠᠴᠢᠯᠠᠭᠰᠠᠨ ᠣᠷᠳᠣᠰ︾ ᠎ ᠢ ᠪᠥᠳᠣᠬᠡᠨ ᠪᠠᠶᠢᠭᠤᠯᠣᠨ᠂ ᠬᠤᠳᠠ ᠎ ᠶᠢᠨ ᠣᠳᠣᠬᠢᠴᠢᠯᠠᠭᠰᠠᠨ ᠬᠠᠮᠢᠶᠠᠷᠣᠯᠳᠠ  ᠶᠢᠨ ᠬᠢᠷᠢ ᠬᠡᠮᠵᠢᠶ᠎ᠠ  ᠶᠢ ᠳᠡᠬᠡᠭᠰᠢᠯᠡᠬᠦᠯᠥᠨ᠎ᠠ᠃ ᠨᠡᠶᠢᠬᠡᠮ ᠳᠣᠭᠤᠷᠢᠭ ᠤᠨ ᠬᠢᠨ ᠤ ᠬᠤᠳᠠ ᠶᠢᠨ ᠬᠠᠮᠢᠶᠠᠷᠣᠯᠳᠠ ᠶᠢᠨ ᠪᠥᠳᠣᠬᠡᠨ ᠪᠠᠶᠢᠭᠤᠯᠣᠯᠳᠠ ᠳᠠᠬᠢ ᠥᠢᠯᠡᠳᠣᠯ ᠢ ᠪᠠᠳᠠᠷᠠᠭᠤᠯᠬᠤ ᠶᠢ ᠳᠡᠬᠡᠳᠣ ᠬᠡᠮᠵᠢᠶ᠎ᠠ ᠪᠠᠷ ᠴᠢᠬᠤᠯᠠᠴᠢᠯᠠᠵᠥ᠂ ᠨᠡᠶᠢᠬᠡᠮ ᠳᠣᠭᠤᠷᠢᠭ  ᠤᠨ ᠪᠥᠳᠣᠬᠡᠨ ᠪᠠᠶᠢᠭᠤᠯᠣᠯᠳᠠ ᠎ ᠶᠢ ᠬᠤᠳᠠ ᠶᠢᠨ ᠶᠡᠷᠣᠩᠬᠡᠢ ᠳᠥᠯᠣᠪᠵᠢᠬᠦᠯᠬᠡ  ᠳᠤ ᠣᠷᠣᠭᠤᠯᠣᠨ᠂ ᠣᠷᠢᠳᠠᠪᠠᠷ ᠳ᠋ᠥᠩᠱᠧᠩ ᠳᠣᠭᠤᠷᠢᠭ ᠵᠡᠷᠬᠡ ᠨᠥᠬᠦᠴᠡᠯ ᠲᠠᠢ ᠭᠠᠵᠠᠷ ᠣᠷᠣᠨ  ᠳᠤ ᠨᠢᠬᠡ ᠪᠥᠯᠥᠭ ᠰᠣᠷᠣᠯᠴᠠᠯᠭ᠎ᠠ᠂ ᠡᠮ ᠡᠮᠨᠡᠯᠬᠡ᠂ ᠪᠠᠶ᠎ᠠ ᠴᠢᠬᠢᠷᠠᠭᠵᠢᠭᠤᠯᠬᠤ᠂ ᠵᠤᠭ᠎ᠠ ᠴᠡᠩᠬᠡᠯ ᠵᠡᠷᠬᠡ ᠥᠢᠯᠡᠴᠢᠯᠡᠬᠡᠨ  ᠤ ᠴᠢᠳᠠᠪᠬᠢ ᠶᠢ ᠨᠢᠬᠡ ᠴᠣᠭᠴᠠᠵᠢᠭᠤᠯᠣᠭᠰᠠᠨ ᠶᠡᠷᠣᠩᠬᠡᠶᠢᠯᠡᠭᠰᠡᠨ ᠴᠢᠨᠠᠷᠳᠠᠢ ᠪᠠᠷᠢᠮᠵᠢᠶᠠᠵᠢᠭᠤᠯᠣᠭᠰᠠᠨ ᠵᠢᠱᠢᠶ᠎ᠠ ᠥᠵᠡᠬᠦᠯᠬᠦ ᠨᠡᠶᠢᠬᠡᠮ ᠳᠣᠭᠤᠷᠢᠭ ᠢ ᠪᠠᠶᠢᠭᠤᠯᠵᠥ᠂ 3 ᠵᠢᠯ  ᠤᠨ ᠳᠣᠳᠣᠷ᠎ᠠ ᠬᠤᠳᠠ  ᠶᠢᠨ ᠭᠤᠤᠯ ᠳᠣᠭᠤᠷᠢᠭ  ᠤᠨ ᠨᠠᠶᠢᠬᠡᠮ ᠳᠣᠭᠤᠷᠢᠭ ᠢ ᠪᠠᠷᠢᠮᠵᠢᠶᠠᠵᠢᠭᠤᠯᠣᠨ ᠪᠥᠳᠣᠬᠡᠨ ᠪᠠᠶᠢᠭᠤᠯᠬᠤ  ᠶᠢ ᠪᠠᠶᠠᠯᠠᠬᠦᠯᠵᠥ᠂ ᠨᠠᠶᠢᠬᠡᠮ ᠳᠣᠭᠤᠷᠢᠭ  ᠤᠨ ᠶᠡᠷᠤᠩᠬᠡᠶᠢᠯᠡᠭᠰᠡᠨ ᠥᠢᠯᠡᠴᠢᠯᠡᠬᠡᠨ  ᠤ ᠬᠢᠷᠢ ᠬᠡᠮᠵᠢᠶ᠎ᠠ  ᠶᠢ ᠪᠥᠬᠦ ᠳᠠᠯ᠎ᠠ ᠪᠠᠷ ᠳᠡᠬᠡᠭᠰᠢᠯᠡᠬᠦᠯᠥᠨ᠎ᠠ᠃      ︵ᠳᠠᠪᠤ︶ ᠬᠤᠳᠠ ᠬᠥᠳᠡᠭᠡ  ᠶᠢ ᠨᠢᠬᠡᠳᠣᠯᠳᠡᠢ ᠳᠥᠯᠣᠪᠯᠡᠬᠦ  ᠶᠢ ᠪᠠᠷᠢᠮᠳᠠᠯᠠᠵᠥ᠂ ᠮᠠᠯᠵᠢᠬᠤ ᠳᠠᠷᠢᠶᠠᠯᠠᠬᠤ ᠣᠷᠣᠨ  ᠤ ᠥᠬᠡᠷᠡᠴᠢᠯᠠᠯᠳᠠ ᠬᠥᠭᠵᠢᠯᠳᠠ  ᠶᠢ ᠪᠥᠬᠦ ᠳᠠᠯ᠎ᠠ ᠪᠠᠷ ᠳᠥᠯᠬᠢᠨ ᠠᠬᠢᠭᠤᠯᠣᠨ᠎ᠠ᠃ ᠬᠤᠳᠠ ᠬᠥᠳᠡᠭᠡ  ᠶᠢ ᠨᠢᠬᠡᠳᠣᠯᠳᠡᠢ ᠳᠥᠯᠣᠪᠯᠡᠨ ᠬᠥᠭᠵᠢᠬᠦᠯᠬᠦ ᠣᠨᠣᠯᠵᠢᠭᠤᠨ ᠢᠶᠠᠷ ︽ᠭᠤᠷᠪᠠᠨ ᠳᠠᠷᠢᠶᠠᠯᠠᠯ ᠭᠤᠷᠪᠠᠨ ᠮᠠᠯᠵᠢᠯ︾ ᠎ ᠤᠨ ᠠᠰᠠᠭᠤᠳᠠᠯ  ᠢ ᠰᠢᠢᠳᠪᠤᠷᠢᠯᠠᠵᠥ᠂ ︽ᠠᠪᠴᠢᠭᠤᠯᠣᠨ ᠰᠢᠯᠵᠢᠬᠦᠯᠵᠥ᠂  ᠡᠷᠴᠢᠮᠵᠢᠬᠦᠯᠥᠨ ᠬᠥᠭᠵᠢᠬᠦᠯᠬᠦ︾ ᠪᠠᠶᠢᠯᠳᠣᠬᠤ ᠪᠤᠳᠣᠯᠭ᠎ᠠ  ᠶᠢ ᠡᠷᠡᠰ  ᠭᠤᠶᠢᠪᠢᠰᠢ ᠥᠬᠡᠢ ᠬᠡᠷᠡᠭᠵᠢᠬᠦᠯᠵᠥ᠂ ᠣᠷᠳᠣᠰ  ᠤᠨ ᠣᠨᠴᠠᠯᠢᠭᠳᠣ ᠬᠤᠳᠠ ᠬᠥᠳᠡᠭᠡ  ᠶᠢ ᠨᠢᠬᠡ ᠴᠣᠭᠴᠠᠵᠢᠭᠤᠯᠣᠭᠰᠠᠨ ᠬᠥᠭᠵᠢᠯᠳᠡ ᠶᠢᠨ ᠵᠠᠮ ᠢᠶᠠᠷ ᠥᠨᠡᠨᠬᠦ ᠵᠠᠮᠨᠠᠨ᠎ᠠ᠃      ᠠᠵᠥ ᠥᠢᠯᠡᠰ  ᠤᠨ ᠳᠥᠪᠯᠡᠷᠡᠯ  ᠢ ᠳᠥᠯᠬᠢᠨ ᠠᠬᠢᠭᠤᠯᠣᠨ᠎ᠠ᠃ ᠬᠠᠳᠣᠨ ᠭᠤᠤᠯ  ᠤᠨ ᠡᠮᠣᠨ᠎ᠠ ᠡᠷᠬᠢ ᠳᠠᠭᠠᠣ ᠣᠳᠣ ᠥᠶ᠎ᠠ  ᠶᠢᠨ ᠮᠠᠯ ᠳᠠᠷᠢᠶᠠᠯᠠᠩ  ᠤᠨ ᠠᠵᠥ ᠠᠬᠤᠢ  ᠶᠢᠨ ᠪᠥᠰᠠ  ᠶᠢ ᠳᠥᠯᠣᠪᠯᠡᠨ ᠪᠠᠶᠢᠭᠤᠯᠵᠥ᠂ ᠭᠠᠵᠠᠷ ᠰᠢᠷᠣᠢ  ᠶᠢ ᠬᠡᠪᠴᠢᠶᠠᠵᠢᠬᠦᠯᠥᠨ ᠳᠡᠭᠰᠢᠯᠡᠬᠦ᠂ ᠰᠠᠭᠤᠷᠢ ᠳᠥᠬᠦᠬᠡᠷᠣᠮᠵᠢ  ᠶᠢ ᠳᠥᠬᠦᠷᠴᠢᠯᠠᠬᠦ᠂ ᠥᠨᠳᠣᠷ ᠪᠠᠷᠢᠮᠵᠢᠶ᠎ᠠ ᠲᠠᠢ ᠳᠠᠯᠠᠩ  ᠤᠨ ᠪᠥᠳᠣᠬᠡᠨ ᠪᠠᠶᠢᠭᠤᠯᠣᠯᠳᠠ᠂ ᠥᠶᠠᠷ ᠤᠨ ᠣᠰᠣ  ᠶᠢ ᠬᠠᠳᠠᠭᠠᠯᠠᠬᠤ ᠪᠥᠳᠣᠬᠡᠨ ᠪᠠᠶᠢᠭᠤᠯᠣᠯᠳᠠ᠂ ᠠᠮᠢ ᠠᠬᠤᠢ  ᠶᠢᠨ ᠠᠷᠠᠳ  ᠢ ᠨᠡᠬᠦᠯᠬᠡᠬᠦ ᠪᠠ ᠬᠥᠮᠣᠨ ᠠᠮᠠ ᠶᠢᠨ ᠲᠦᠪᠯᠠᠷᠡᠯ  ᠤᠨ ᠣᠷᠣᠨ  ᠢ ᠪᠠᠶᠢᠭᠤᠯᠬᠤ ᠵᠡᠷᠬᠡ ᠢᠨᠵᠧᠨᠧᠷᠢᠩ  ᠢ ᠶᠠᠷᠣᠩᠬᠡᠶᠢᠯᠡᠨ ᠬᠡᠷᠡᠭᠵᠢᠬᠦᠯᠵᠥ᠂ ᠳᠠᠪᠠᠭᠤᠯᠢᠭ ᠡᠬᠢ ᠪᠠᠶᠠᠯᠢᠭ ᠢ ᠳᠠᠪᠠᠭᠤᠯᠢᠭ ᠭᠠᠵᠠᠷ ᠣᠷᠣᠨ ᠳᠠᠰᠢ ᠳᠥᠪᠯᠡᠷᠡᠬᠦᠯᠬᠦ  ᠶᠢ ᠠᠬᠢᠭᠤᠯᠣᠨ᠂ ᠬᠠᠳᠣᠨ ᠭᠤᠤᠯ ᠳᠠᠭᠠᠣ ᠭᠠᠵᠠᠷ ᠣᠷᠣᠨ  ᠢ ᠥᠨᠡᠨᠬᠦ ᠮᠠᠨ  ᠤ ᠬᠤᠳᠠ ᠎ ᠶᠢᠨ ᠬᠤᠳᠠ ᠬᠥᠳᠡᠭᠡ  ᠶᠢᠨ ᠬᠥᠭᠵᠢᠯᠳᠡ  ᠶᠢ ᠨᠢᠬᠡᠳᠣᠯᠳᠡᠢ ᠳᠥᠯᠣᠪᠯᠡᠬᠦ ᠥᠬᠡᠷᠡᠴᠢᠯᠠᠯᠳᠠ ᠶᠢᠨ ᠣᠷᠣᠨ᠂ ᠣᠷᠢᠳᠠᠪᠠᠷ ᠬᠢᠵᠥ ᠪᠠᠶᠢᠭ᠎ᠠ ᠣᠷᠣᠨ ᠪᠠ ᠵᠢᠱᠢᠶ᠎ᠠ ᠥᠵᠡᠬᠦᠯᠬᠦ ᠣᠷᠣᠨ ᠪᠤᠯᠭᠠᠨ᠎ᠠ᠃ ᠡᠨᠡ ᠵᠢᠯ ᠥᠨᠳᠣᠷ ᠪᠠᠷᠢᠮᠵᠢᠶ᠎ᠠ ᠲᠠᠢ ᠥᠵᠡᠮᠣᠷᠢ  ᠶᠢᠨ ᠬᠠᠰᠢᠯᠭ᠎ᠠ ᠳᠠᠯᠠᠩ  ᠢ 50 ᠺᠢᠯᠣᠮᠧᠲᠷ ᠪᠥᠳᠣᠬᠡᠨ ᠪᠠᠶᠢᠭᠤᠯᠬᠤ ᠪᠠᠷᠢᠯᠭ᠎ᠠ ᠎ ᠶᠢ ᠡᠬᠢᠯᠡᠬᠦᠯᠵᠥ᠂ ᠣᠳᠣ ᠥᠶ᠎ᠠ  ᠶᠢᠨ ᠳᠠᠷᠢᠶᠠᠯᠠᠩ  ᠤᠨ ᠰᠠᠭᠤᠷᠢᠨ ᠭᠠᠵᠠᠷ  ᠢ 44 ᠳᠥᠮᠠᠨ ᠮᠣ᠋ ᠰᠢᠨ᠎ᠠ ᠪᠠᠷ ᠪᠠᠶᠢᠭᠤᠯᠣᠨ᠂ 100 ᠬᠡᠪᠴᠢᠶᠠᠵᠢᠭ᠍ᠰᠡᠨ᠂ ᠳᠥᠬᠦᠷᠴᠢᠯᠡᠭᠰᠡᠨ᠂ ᠪᠠᠷᠢᠮᠵᠢᠶᠠᠵᠢᠭᠰᠠᠨ ᠳᠡᠵᠢᠬᠡᠨ ᠥᠷᠡᠵᠢᠬᠦᠯᠬᠦ ᠬᠥᠷᠢᠶᠠᠯᠠᠩ ᠳᠣᠭᠤᠷᠢᠭ ᠢ ᠪᠠᠶᠢᠭᠤᠯᠣᠨ᠎ᠠ᠃ ᠬᠠᠳᠣᠨ ᠭᠤᠤᠯ ᠳᠠᠭᠠᠣ ᠳᠠᠬᠢ ᠵᠠᠭᠤᠨ ᠳᠥᠮᠠᠨ ᠮᠢᠬᠠᠨ ᠬᠤᠨᠢᠨ  ᠤ ᠰᠠᠭᠤᠷᠢᠨ ᠭᠠᠵᠠᠷ᠂ ᠰᠢᠷᠬᠤᠰᠣᠨ ᠭᠤᠤᠯ  ᠤᠨ ᠰᠠᠪᠠ ᠭᠠᠵᠠᠷ ᠤᠨ ᠮᠢᠬᠠᠨ ᠥᠬᠡᠷ ᠤᠨ ᠰᠠᠭᠤᠷᠢᠨ ᠭᠠᠵᠠᠷ᠂ ᠪᠠᠷᠠᠭᠤᠨ ᠪᠠᠶ᠎ᠠ  ᠶᠢᠨ ᠣᠳᠣ ᠥᠶ᠎ᠠ ᠶᠢᠨ ᠨᠣᠳᠤᠭ ᠪᠠᠯᠴᠢᠬᠡᠷ ᠮᠠᠯ ᠠᠵᠥ ᠠᠬᠤᠢ  ᠶᠢᠨ ᠵᠢᠱᠢᠶ᠎ᠠ ᠥᠵᠡᠬᠦᠯᠬᠦ ᠡᠷᠣᠬᠡ  ᠶᠢᠨ ᠪᠠᠶᠢᠭᠤᠯᠣᠯᠳᠠ ᠶᠢ ᠥᠷᠬᠦᠯᠵᠢᠯᠠᠨ ᠠᠬᠢᠭᠤᠯᠵᠥ᠂ ᠮᠠᠯ ᠠᠵᠥ ᠠᠬᠤᠢ ᠎ ᠶᠢᠨ ᠨᠢᠬᠡᠳᠣᠬᠡᠷ ᠠᠵᠥ ᠥᠢᠯᠡᠰ ᠲᠠᠬᠢ ᠬᠠᠷᠢᠴᠠᠯ ᠢ ᠣᠯᠠᠮ ᠨᠢᠬᠡ ᠠᠯᠬᠤᠮ ᠳᠡᠬᠡᠭᠰᠢᠯᠡᠬᠦᠯᠥᠨ᠎ᠠ᠃ ᠬᠤᠳᠠ  ᠶᠢᠨ ᠢᠳᠡᠰᠢᠨ ᠨᠣᠭᠤᠭᠠᠨ  ᠤ ᠬᠠᠩᠭᠠᠯᠳᠠ ᠪᠠ ᠮᠠᠯᠴᠢᠨ ᠳᠠᠷᠢᠶᠠᠴᠢᠳ ᠤᠨ ᠣᠷᠣᠯᠭ᠎ᠠ ᠶᠢ ᠶᠡᠬᠡᠪᠡᠷ ᠨᠡᠮᠡᠭᠳᠡᠬᠦᠯᠬᠦ  ᠶᠢ ᠪᠠᠳᠣᠯᠠᠵᠥ᠂ ︽ᠨᠠᠪᠴᠢ ᠨᠣᠭᠤᠭᠠᠨ  ᠤ ᠰᠠᠭᠰᠣ︾ ᠎ ᠶᠢᠨ ᠰᠠᠭᠤᠷᠢᠨ ᠭᠠᠵᠠᠷ  ᠤᠨ ᠪᠥᠳᠣᠬᠡᠨ ᠪᠠᠶᠢᠭᠤᠯᠣᠯᠳᠠ  ᠶᠢ ᠬᠡᠰᠡᠭ ᠬᠤᠪᠢᠶᠠᠨ ᠬᠡᠪᠴᠢᠶᠠᠵᠢᠬᠦᠯᠥᠨ ᠠᠬᠢᠭᠤᠯᠵᠥ᠂ 1 ᠳᠥᠮᠠᠨ ᠳᠥᠬᠦᠬᠡᠷᠣᠮᠵᠢᠳᠣ ᠳᠠᠷᠢᠶᠠᠯᠠᠩ  ᠤᠨ ᠳᠣᠮᠣ ᠫᠧᠩ ᠢ ᠰᠢᠨ᠎ᠠ ᠪᠠᠷ ᠪᠠᠷᠢᠯᠭ᠎ᠠ ᠡᠬᠢᠯᠡᠬᠦᠯᠣᠨ᠎ᠠ᠃      ᠮᠠᠯᠵᠢᠬᠤ ᠳᠠᠷᠢᠶᠠᠯᠠᠬᠤ ᠣᠷᠣᠨ ᠤ ᠬᠥᠮᠣᠨ ᠠᠮᠠ ᠶᠢ ᠡᠮᠬᠢ ᠵᠢᠷᠣᠮ ᠲᠠᠢ ᠰᠢᠯᠵᠢᠬᠦᠯᠥᠨ᠎ᠠ᠃ ᠮᠠᠯᠴᠢᠨ ᠳᠠᠷᠢᠶᠠᠴᠢᠳ ᠢ ᠨᠡᠬᠦᠯᠬᠡᠨ ᠰᠢᠯᠵᠢᠬᠦᠯᠬᠦ ᠶᠢ ᠠᠵᠥ ᠥᠢᠯᠡᠳᠪᠤᠷᠢᠵᠢᠯᠳᠠ᠂ ᠬᠤᠳᠠ  ᠪᠠᠯᠭᠠᠰᠤᠵᠢᠯᠳᠠ ᠪᠠ ᠮᠠᠯ ᠳᠠᠷᠢᠶᠠᠯᠠᠩ  ᠤᠨ ᠠᠵᠥ ᠦᠢᠯᠠᠰᠵᠢᠯᠳᠠ ᠶᠢ ᠠᠬᠢᠭᠤᠯᠬᠤ ᠲᠠᠢ ᠣᠶᠠᠯᠳᠣᠭᠤᠯᠣᠨ᠂ ᠠᠵᠥ ᠥᠢᠯᠡᠳᠪᠤᠷᠢ ᠎ ᠶᠢᠨ ᠬᠥᠷᠢᠶᠠᠯᠠᠩ ᠳᠣᠭᠤᠷᠢᠭ᠂ ᠮᠠᠯ ᠳᠠᠷᠢᠶᠠᠯᠠᠩ  ᠤᠨ ᠠᠵᠥ ᠥᠢᠯᠡᠰᠵᠢᠯᠳᠠ  ᠶᠢᠨ ᠰᠠᠭᠤᠷᠢᠨ ᠭᠠᠵᠠᠷ᠂ ᠪᠠᠷᠠᠭᠠᠨ ᠤ ᠬᠥᠢᠯᠬᠡᠬᠡᠨ ᠤ ᠬᠥᠷᠢᠶᠠᠯᠠᠩ ᠳᠣᠭᠤᠷᠢᠭ᠂ ᠬᠤᠰᠢᠭᠤ ᠳᠣᠭᠤᠷᠢᠭ  ᠤᠨ ᠵᠠᠰᠠᠭ  ᠤᠨ ᠣᠷᠳᠣᠨ  ᠤ ᠰᠠᠭᠤᠭ᠎ᠠ ᠭᠠᠵᠠᠷ᠂  ᠭᠤᠤᠯ ᠬᠤᠳᠠ ᠪᠠᠯᠭᠠᠰᠣ ᠳᠤ ᠳᠥᠰᠢᠭᠯᠡᠨ᠂ ᠨᠡᠬᠡᠬᠡᠨ ᠬᠥᠭᠵᠢᠬᠦᠯᠬᠦ ᠶᠢ ᠰᠢᠯᠢᠳᠡᠭᠵᠢᠬᠦᠯᠬᠦ ᠣᠷᠣᠨ  ᠳᠤ ᠥᠢᠯᠡᠳᠪᠤᠷᠢᠯᠠᠯ᠂ ᠠᠮᠢᠳᠣᠷᠠᠯ ᠪᠠ ᠣᠯᠠᠨ ᠨᠠᠶᠢᠳᠠ  ᠶᠢᠨ ᠥᠢᠯᠡᠴᠢᠯᠡᠭᠡ  ᠶᠢ ᠨᠢᠬᠡ ᠴᠣᠭᠴᠠᠵᠢᠭᠤᠯᠣᠭᠰᠠᠨ ᠠᠷᠠᠳ  ᠢ ᠨᠡᠬᠦᠯᠬᠡᠨ ᠰᠢᠯᠵᠢᠬᠦᠯᠬᠦ 16 ᠰᠢᠯᠢᠳᠡᠭ ᠵᠢᠵᠢᠭ ᠳᠣᠭᠤᠷᠢᠭ  ᠢ ᠪᠠᠶᠢᠭᠤᠯᠣᠨ᠎ᠠ᠃ ᠬᠠᠨᠳᠠᠢ ᠰᠥᠮ᠎ᠠ  ᠶᠢᠨ ᠨᠡᠬᠦᠳᠠᠯ ᠠᠷᠠᠳ ᠤᠨ ᠳᠣᠭᠤᠷᠢᠭ ᠢ ᠥᠨᠳᠣᠷ ᠪᠠᠷᠢᠮᠵᠢᠶ᠎ᠠ ᠲᠠᠢ ᠪᠠᠷ ᠪᠠᠶᠢᠭᠤᠯᠣᠨ᠂ ᠢᠳᠡᠬᠡᠨ ᠪᠤᠯᠪᠠᠰᠣᠷᠠᠭᠤᠯᠬᠤ ᠬᠥᠷᠢᠶᠠᠯᠠᠩ ᠳᠣᠭᠤᠷᠢᠭ ᠢ ᠳᠥᠬᠦᠷᠴᠢᠯᠠᠨ ᠪᠠᠶᠢᠭᠤᠯᠵᠥ᠂ ᠳ᠋ᠥᠩᠱᠧᠩ ᠳᠣᠭᠤᠷᠢᠭ  ᠤᠨ ᠢᠳᠠᠬᠡᠨ ᠪᠤᠯᠪᠠᠰᠣᠷᠠᠭᠤᠯᠬᠤ ᠠᠵᠥ ᠠᠬᠤᠶᠢᠯᠠᠯ  ᠤᠨ ᠣᠷᠣᠰᠢᠨ ᠰᠠᠭᠤᠷᠢᠰᠢᠬᠤ  ᠶᠢ ᠨᠢᠬᠡᠳᠣᠬᠦᠯᠥᠨ ᠰᠢᠩᠬᠡᠬᠡᠵᠥ᠂ ᠮᠠᠯᠴᠢᠨ ᠳᠠᠷᠢᠶᠠᠴᠢᠳ ᠢ ᠥᠢᠷ᠎ᠠ ᠬᠠᠪᠢ ᠳᠤᠨᠢ ᠰᠢᠯᠵᠢᠬᠦᠯᠥᠨ ᠠᠵᠢᠯ ᠣᠯᠭᠤᠬᠤ  ᠶᠢ ᠪᠠᠶᠠᠯᠠᠬᠦᠯᠵᠥ᠂ ᠬᠤᠳᠠ ᠬᠥᠳᠡᠭᠡ  ᠶᠢ ᠨᠢᠬᠡᠳᠣᠯᠳᠡᠢ ᠳᠥᠯᠣᠪᠵᠢᠬᠦᠯᠥᠨ ᠬᠥᠭᠵᠢᠬᠦᠯᠥᠭᠰᠡᠨ ᠰᠢᠨ᠎ᠠ ᠬᠢᠯᠠᠰ ᠴᠢᠭ  ᠢ ᠪᠤᠢ ᠪᠤᠯᠭᠠᠨ᠎ᠠ᠃ ᠮᠠᠯᠵᠢᠬᠤ ᠳᠠᠷᠢᠶᠠᠯᠠᠬᠤ ᠣᠷᠣᠨ  ᠤ ︽ᠭᠤᠷᠪᠠᠨ ᠳᠣᠭᠤᠷᠢᠭ︾ ᠎ ᠤᠨ ᠳᠥᠯᠣᠪᠵᠢᠬᠦᠯᠬᠡ ᠪᠠᠷ ᠵᠢᠯᠣᠭᠤᠳᠣᠯᠭ᠎ᠠ ᠪᠤᠯᠭᠠᠵᠥ᠂ ᠨᠡᠬᠡᠬᠡᠨ ᠬᠥᠭᠵᠢᠬᠦᠯᠬᠦ  ᠶᠢ ᠰᠢᠯᠢᠳᠡᠭᠵᠢᠬᠦᠯᠬᠦ ᠣᠷᠣᠨ  ᠤ ᠳᠣᠰᠬᠤᠨ ᠪᠠᠯᠭᠠᠰᠣᠨ  ᠤ ᠳᠥᠯᠣᠪᠵᠢᠬᠦᠯᠬᠡ ᠶᠢ ᠪᠠᠶᠠᠯᠠᠬᠦᠯᠥᠨ᠎ᠠ᠃ ᠰᠣᠷᠭᠠᠨ ᠬᠥᠮᠣᠵᠢᠯ ᠢᠶᠠᠷ ᠰᠢᠯᠵᠢᠬᠦᠯᠬᠦ᠂ ᠶᠠᠳᠠᠭᠤ  ᠶᠢ ᠳᠡᠳᠬᠦᠬᠦ ᠪᠠᠷ ᠰᠢᠯᠵᠢᠬᠦᠯᠬᠦ᠂ ᠠᠮᠢ ᠠᠬᠤᠢ ᠪᠠᠷ ᠰᠢᠯᠵᠢᠬᠦᠯᠬᠦ᠂ ᠠᠵᠥ ᠥᠢᠯᠡᠰ ᠢᠶᠠᠷ ᠰᠢᠯᠵᠢᠬᠦᠯᠬᠦ ᠵᠡᠷᠬᠡ ᠣᠯᠠᠨ ᠵᠥᠢᠯ ᠤᠨ ᠳᠥᠷᠣ  ᠶᠢᠨ ᠪᠤᠳᠣᠯᠭ᠎ᠠ  ᠶᠢᠨ ᠠᠷᠭ᠎ᠠ ᠪᠠᠷᠢᠯ  ᠢ ᠶᠡᠷᠣᠩᠬᠡᠶᠢᠯᠡᠨ ᠬᠡᠷᠡᠭᠯᠡᠨ᠂ ᠮᠠᠯᠵᠢᠬᠤ ᠳᠠᠷᠢᠶᠠᠯᠠᠬᠤ ᠣᠷᠣᠨ  ᠤ ᠬᠥᠮᠣᠨ ᠠᠮᠠ  ᠶᠢ ᠬᠤᠳᠠ ᠪᠠᠯᠭᠠᠰᠣ ᠪᠠ ᠬᠤᠶᠠᠳᠣᠭᠠᠷ᠂ ᠭᠤᠷᠪᠠᠳᠣᠭᠠᠷ ᠠᠵᠥ ᠥᠢᠯᠡᠰ ᠵᠥᠭ ᠰᠢᠯᠵᠢᠬᠦᠯᠬᠦ  ᠶᠢ ᠳᠥᠷᠬᠡᠳᠬᠡᠵᠥ᠂ ᠵᠢᠯ  ᠤᠨ ᠳᠣᠳᠣᠷ᠎ᠠ ᠳᠠᠬᠢᠨ 6.6 ᠳᠥᠮᠠᠨ ᠮᠠᠯᠴᠢᠨ ᠳᠠᠷᠢᠶᠠᠴᠢᠳ  ᠢ ᠰᠢᠯᠵᠢᠬᠦᠯᠬᠦ ᠪᠠᠷ ᠴᠢᠷᠮᠠᠶᠢᠨ᠎ᠠ᠃ ᠠᠮᠢ ᠠᠬᠤᠢ  ᠶᠢᠨ ᠪᠥᠳᠣᠬᠡᠨ ᠪᠠᠶᠢᠭᠤᠯᠣᠯᠳᠠ  ᠶᠢ ᠬᠤᠳᠠ ᠬᠥᠳᠡᠭᠡ  ᠶᠢᠨ ᠬᠥᠭᠵᠢᠯᠳᠡ ᠶᠢ ᠨᠢᠬᠡᠳᠣᠯᠳᠡᠢ ᠳᠥᠯᠣᠪᠯᠡᠬᠦ ᠴᠢᠬᠤᠯᠠ ᠡᠬᠦᠷᠬᠡ ᠪᠤᠯᠭᠠᠵᠥ᠂ ᠠᠮᠢ ᠠᠬᠤᠢ  ᠎ ᠶᠢᠨ ᠪᠥᠳᠣᠬᠡᠨ ᠪᠠᠶᠢᠭᠤᠯᠣᠯᠳᠠ  ᠶᠢᠨ ᠥᠷ᠎ᠠ ᠪᠥᠳᠣᠬᠡᠯ  ᠢ ᠪᠠᠬᠢᠵᠢᠬᠦᠯᠥᠨ ᠥᠷᠬᠡᠳᠬᠡᠵᠥ᠂ ᠵᠢᠯ  ᠤᠨ ᠳᠣᠳᠣᠷ᠎ᠠ 1 ᠳᠥᠮᠠᠨ ᠬᠠᠪᠳᠠᠭᠠᠢ ᠳᠥᠷᠪᠡᠯᠵᠢᠨ ᠺᠢᠯᠣᠮᠧᠲᠷ  ᠤᠨ ᠠᠮᠢ ᠠᠬᠤᠢ  ᠶᠢᠨ  ᠠᠶᠠᠨᠳᠠᠭᠠᠨ ᠰᠡᠷᠬᠦᠬᠦ ᠣᠷᠣᠨ ᠢ ᠪᠥᠳᠣᠬᠡᠨ ᠪᠠᠶᠢᠭᠤᠯᠬᠤ ᠡᠬᠦᠷᠬᠡ  ᠶᠢ ᠪᠠᠶᠠᠯᠠᠬᠦᠯᠣᠨ᠎ᠠ᠃ ᠮᠠᠯ ᠪᠠᠯᠴᠢᠬᠡᠷᠯᠡᠬᠦᠯᠬᠦ  ᠶᠢ ᠬᠤᠷᠢᠭᠯᠠᠵᠥ ᠰᠡᠯᠬᠦᠨ ᠮᠠᠯᠵᠢᠬᠤ᠂ ᠬᠡᠰᠡᠭ ᠬᠤᠪᠢᠶᠠᠨ ᠡᠬᠡᠯᠵᠢᠯᠡᠨ ᠮᠠᠯᠵᠢᠬᠤ᠂ ᠪᠠᠯᠴᠢᠬᠡᠷ  ᠤᠨ ᠪᠠᠭᠳᠠᠭᠠᠮᠵᠢ ᠪᠠᠷ ᠮᠠᠯ  ᠤᠨ ᠳᠤᠭ᠎ᠠ ᠳᠣᠯᠣᠭᠠᠢ ᠶᠢ ᠳᠣᠭᠳᠠᠭᠠᠬᠤ ᠶᠢ ᠡᠷᠡᠰ ᠭᠤᠶᠢᠪᠢᠰᠢ ᠥᠬᠡᠢ ᠠᠬᠢᠭᠤᠯᠵᠥ᠂  ᠳᠠᠷᠢᠶᠠᠨ ᠭᠠᠵᠠᠷ  ᠢ ᠠᠳᠠᠷᠰᠢᠭᠤᠯᠣᠨ ᠡᠪᠡᠰᠣ ᠮᠣᠳᠣ ᠳᠠᠷᠢᠬᠤ᠂  ᠪᠠᠯᠴᠢᠬᠡᠷ  ᠢ ᠰᠣᠯᠠᠯᠠᠨ ᠡᠪᠡᠰᠣ ᠳᠠᠷᠢᠬᠤ᠂ ᠪᠠᠶᠢᠭᠠᠯᠢ  ᠶᠢᠨ ᠣᠢ  ᠶᠢᠨ ᠬᠠᠮᠠᠭᠠᠯᠠᠯᠳᠠ ᠵᠡᠷᠬᠡ ᠠᠮᠢ ᠠᠬᠤᠢ ᠶᠢᠨ ᠭᠤᠤᠯᠳᠠᠯᠭ᠎ᠠ ᠲᠠᠢ ᠢᠨᠵᠧᠨᠧᠷᠢᠩ  ᠢ ᠢᠳᠡᠪᠬᠢᠳᠠᠢ ᠬᠡᠷᠡᠭᠵᠢᠬᠦᠯᠵᠥ᠂ ᠠᠮᠢ ᠠᠬᠤᠢ  ᠶᠢᠨ ᠣᠷᠴᠢᠨ ᠳᠣᠭᠤᠷᠢᠨ  ᠢ ᠥᠷᠬᠦᠯᠵᠢᠯᠠᠨ ᠰᠠᠶᠢᠵᠢᠷᠠᠭᠤᠯᠣᠨ᠎ᠠ᠃ ᠡᠯᠡᠰᠣᠨ ᠠᠵᠥ ᠥᠢᠯᠡᠰ  ᠤᠨ ᠠᠮᠢ ᠠᠬᠤᠢ ᠶᠢᠨ ᠣᠷᠴᠢᠨ ᠳᠣᠭᠤᠷᠢᠨ  ᠢ ᠬᠠᠮᠠᠭᠠᠯᠠᠬᠤ᠂ ᠮᠠᠯᠴᠢᠨ ᠳᠠᠷᠢᠶᠠᠴᠢᠳ  ᠤᠨ ᠣᠷᠣᠯᠭ᠎ᠠ  ᠶᠢ ᠨᠡᠮᠡᠭᠳᠡᠬᠦᠯᠬᠦ᠂ ᠥᠷᠬᠦᠯᠵᠢᠯᠠᠨ ᠬᠥᠭᠵᠢᠬᠦᠯᠬᠦ  ᠶᠢ ᠪᠠᠶᠠᠯᠠᠬᠦᠯᠬᠦ ᠳᠠᠬᠢ ᠥᠢᠯᠡᠳᠣᠯ  ᠢ ᠳᠡᠬᠡᠳᠣ ᠬᠡᠮᠵᠢᠶ᠎ᠠ ᠪᠠᠷ ᠴᠢᠬᠤᠯᠠᠴᠢᠯᠠᠵᠥ᠂ ᠳᠥᠷᠣᠯ ᠵᠥᠢᠯ᠂ ᠰᠢᠨᠵᠢᠯᠡᠬᠦ ᠣᠬᠠᠭᠠᠨ ᠮᠡᠷᠬᠡᠵᠢᠯ ᠪᠠ ᠳᠥᠬᠦᠬᠡᠢ ᠮᠠᠲ᠋ᠧᠷᠢᠶᠠᠯ  ᠤᠨ ᠰᠠᠭᠤᠷᠢᠨ ᠭᠠᠵᠠᠷ  ᠤᠨ ᠳᠥᠰᠢᠭ ᠳᠣᠯᠭᠠᠭᠤᠷᠢ  ᠶᠢ ᠴᠢᠩᠭᠠᠷᠠᠭᠤᠯᠣᠨ᠂ ᠠᠵᠥ ᠥᠢᠯᠡᠰ  ᠤᠨ ᠬᠥᠷᠢᠶ᠎ᠠ ᠬᠡᠪᠴᠢᠶ᠎ᠠ  ᠶᠢ ᠢᠳᠡᠪᠬᠢᠳᠡᠢ ᠥᠷᠬᠡᠳᠬᠡᠵᠥ᠂ ᠣᠳᠣᠬᠢᠴᠢᠯᠠᠭᠰᠠᠨ ᠡᠯᠡᠰᠣᠨ ᠠᠵᠥ ᠥᠢᠯᠡᠰ ᠤᠨ ᠰᠢᠰᠲ᠋ᠧᠮᠵᠢ  ᠶᠢ ᠪᠠᠶᠢᠭᠤᠯᠣᠨ᠎ᠠ᠃      ᠬᠤᠳᠠ ᠬᠥᠳᠡᠭᠡ  ᠶᠢᠨ ᠬᠥᠭᠵᠢᠯᠳᠡ ᠶᠢ ᠨᠢᠬᠡᠳᠣᠯᠳᠡᠢ ᠳᠥᠯᠣᠪᠯᠡᠬᠦ ᠪᠠᠶᠢᠭᠤᠯᠣᠮᠵᠢ  ᠶᠢᠨ ᠳᠣᠭᠳᠠᠴᠠ  ᠶᠢ ᠳᠡᠬᠦᠯᠳᠡᠷᠵᠢᠬᠦᠯᠥᠨ᠎ᠠ᠃ ᠭᠠᠵᠠᠷ ᠰᠢᠷᠣᠢ ᠨᠣᠳᠤᠭ ᠪᠠᠯᠴᠢᠬᠡᠷ  ᠤᠨ ᠳᠠᠭᠠᠭᠠᠴᠢᠯᠠᠠ ᠡᠵᠡᠩᠨᠡᠬᠦ ᠡᠷᠬᠡ ᠶᠢᠨ ᠡᠷᠬᠢᠯᠳᠡ  ᠶᠢᠨ ᠵᠢᠷᠣᠮᠵᠢᠭᠰᠠᠨ ᠬᠠᠮᠢᠶᠠᠷᠣᠯᠳᠠ ᠪᠠ ᠳᠥᠬᠦᠷᠴᠢᠯᠡᠭᠰᠡᠨ ᠥᠢᠯᠡᠴᠢᠯᠡᠭᠡ  ᠶᠢ ᠴᠢᠩᠭᠠᠳᠬᠠᠵᠥ᠂ ᠬᠠᠤᠯᠢ ᠶᠤᠰᠤᠭᠠᠷ ᠰᠠᠶᠢᠨ ᠳᠣᠷ᠎ᠠ ᠠᠴᠠ ᠪᠠᠨ ᠥᠨ᠎ᠡ ᠳᠥᠯᠣᠪᠤᠷᠢ ᠲᠠᠢ ᠪᠠᠶᠢᠬᠤ ᠵᠠᠷᠴᠢᠮ ᠢᠶᠠᠷ᠂ ᠮᠠᠯᠴᠢᠨ ᠳᠠᠷᠢᠶᠠᠴᠢᠳ ᠤᠨ ᠰᠢᠯᠵᠢᠬᠦᠯᠥᠨ ᠳᠠᠭᠠᠭᠠᠴᠢᠯᠠᠬᠤ᠂ ᠳᠥᠷᠢᠶᠡᠰᠣᠯᠡᠬᠦ᠂ ᠬᠠᠷᠢᠯᠴᠠᠨ ᠰᠣᠯᠢᠬᠤ᠂ ᠰᠢᠯᠵᠢᠬᠦᠯᠥᠨ ᠥᠭᠬᠦ᠂ ᠬᠤᠪᠢ ᠣᠷᠣᠭᠤᠯᠣᠨ ᠬᠤᠷᠰᠢᠬᠤ ᠵᠡᠷᠬᠡ ᠬᠡᠯᠪᠡᠷᠢ ᠪᠠᠷ ᠭᠠᠵᠠᠷ ᠰᠢᠷᠣᠢ ᠨᠣᠳᠤᠭ ᠪᠠᠯᠴᠢᠬᠡᠷ  ᠤᠨ ᠳᠠᠭᠠᠭᠠᠴᠢᠯᠠᠨ ᠡᠵᠡᠩᠨᠡᠬᠦ ᠡᠷᠬᠡ  ᠎ ᠪᠠᠨ ᠡᠷᠬᠢᠯᠳᠣᠬᠦᠯᠬᠦ ᠶᠢ ᠠᠬᠢᠭᠤᠯᠵᠥ᠂ ᠳᠠᠷᠢᠵᠥ ᠳᠡᠵᠢᠬᠡᠬᠦ ᠳᠣᠮᠣ ᠡᠷᠣᠬᠡ᠂ ᠬᠡᠷ ᠪᠥᠯᠢ  ᠶᠢᠨ ᠳᠠᠷᠢᠶᠠᠯᠠᠩ ᠮᠠᠯᠵᠢᠯ ᠤᠨ ᠳᠠᠯᠠᠪᠠᠢ᠂ ᠮᠠᠯᠴᠢᠨ ᠳᠠᠷᠢᠶᠠᠴᠢᠳ ᠤᠨ ᠳᠣᠰᠬᠠᠢ ᠮᠡᠷᠬᠡᠵᠢᠯ  ᠤᠨ ᠬᠤᠷᠰᠢᠨ ᠠᠵᠢᠯᠯᠠᠬᠤ ᠬᠤᠷᠰᠢᠶ᠎ᠠ ᠵᠡᠷᠬᠡ ᠬᠡᠪᠴᠢᠶᠠᠵᠢᠭ᠍ᠰᠡᠨ ᠡᠵᠡᠩᠨᠡᠯᠳᠡ ᠶᠢᠨ ᠭᠤᠤᠯ ᠴᠣᠭᠴᠠ ᠶᠢ ᠪᠥᠢᠵᠢᠭᠤᠯᠣᠨ ᠬᠥᠭᠵᠢᠬᠦᠯᠥᠨ᠎ᠠ᠃ ᠣᠯᠣᠰ ᠤᠨ ᠡᠯ᠎ᠠ ᠳᠥᠷᠣᠯ ᠤᠨ ᠳᠠᠷᠢᠶᠠᠯᠠᠩ ᠳᠤ ᠬᠤᠯᠪᠤᠭᠳᠠᠬᠤ ᠳᠥᠷᠣᠯ ᠵᠥᠢᠯ  ᠤᠨ ᠪᠠᠯᠠ ᠮᠥᠩᠬᠦ  ᠶᠢ ᠳᠥᠪᠯᠡᠷᠡᠬᠦᠯᠥᠨ ᠬᠡᠷᠡᠭᠯᠡᠵᠥ᠂ ᠡᠯ᠎ᠠ ᠳᠥᠷᠣᠯ  ᠤᠨ ᠠᠷᠠᠳ ᠤᠨ ᠡᠳ᠋ ᠬᠥᠷᠣᠩᠬᠡ ᠶᠢ ᠢᠳᠠᠪᠬᠢᠳᠠᠢ ᠪᠠᠷ ᠬᠤᠳᠠ ᠬᠥᠳᠡᠭᠡ ᠶᠢᠨ ᠬᠥᠭᠵᠢᠯᠳᠠ ᠶᠢ ᠨᠢᠬᠡᠳᠣᠯᠳᠡᠢ ᠳᠥᠯᠣᠪᠯᠡᠬᠦ ᠴᠢᠬᠤᠯᠠ ᠶᠡᠭᠡ ᠳᠥᠷᠣᠯ ᠵᠥᠢᠯ ᠳᠤ ᠣᠷᠣᠭᠤᠯᠵᠥ᠂ ᠬᠤᠳᠠ ᠬᠥᠳᠡᠭᠡ ᠶᠢ ᠨᠢᠬᠡᠳᠣᠯᠳᠡᠢ ᠳᠥᠯᠣᠪᠯᠡᠡ ᠬᠥᠭᠵᠢᠬᠦᠯᠬᠦ ᠬᠥᠴᠣᠷᠬᠡᠭ ᠬᠠᠮᠳᠣᠷᠠᠯ ᠤᠨ ᠬᠥᠴᠣᠨ ᠢ ᠪᠤᠢ ᠪᠤᠯᠭᠠᠨ᠎ᠠ᠃ ᠣᠯᠠᠨ ᠨᠠᠶᠢᠳᠠ ᠶᠢᠨ ᠡᠳ᠋ ᠤᠨ ᠵᠠᠰᠠᠭ ᠤᠨ ᠪᠠᠯᠠ ᠣᠷᠣᠭᠤᠯᠬᠤ ᠴᠢᠭᠯᠡᠯ ᠢ ᠪᠠᠷᠢᠮᠳᠠᠯᠠᠨ᠂ ᠡᠨᠡ ᠵᠢᠯ ᠬᠤᠳᠠ ᠶᠢᠨ ᠡᠳ᠋ ᠤᠨ ᠵᠠᠰᠠᠭ ᠠᠴᠠ 5.7 ᠳ᠋ᠥᠩᠰᠢᠭᠤᠷ ᠳᠥᠬᠦᠷᠢᠭ ᠳᠣᠬᠢᠷᠠᠭᠤᠯᠵᠥ᠂ ᠮᠠᠯᠵᠢᠬᠤ ᠳᠠᠷᠢᠶᠠᠯᠠᠬᠤ ᠣᠷᠣᠨ ᠤ ᠬᠥᠭᠵᠢᠯᠳᠠ ᠪᠠ ᠪᠠᠶᠢᠭᠤᠯᠣᠯᠳᠠ ᠳᠤ ᠭᠤᠤᠯᠳᠠᠯᠭ᠎ᠠ ᠲᠠᠢ ᠬᠡᠷᠡᠭᠯᠡᠨ᠎ᠡ᠃ ︽ᠠᠵᠥ ᠥᠢᠯᠡᠳᠪᠤᠷᠢ ᠎ ᠪᠠᠷ ᠮᠠᠯ ᠳᠠᠷᠢᠶᠠᠯᠠᠩ ᠢ ᠠᠬᠢᠭᠤᠯᠵᠥ᠂ ᠬᠤᠳᠠ ᠪᠠᠷ ᠬᠥᠳᠡᠭᠡ ᠳᠣᠰᠬᠤᠨ ᠢ ᠳᠠᠶᠢᠴᠢᠯᠠᠬᠤ︾ ᠰᠡᠳᠬᠢᠴᠠ ᠳᠤ ᠰᠢᠨ᠎ᠠ ᠡᠬᠦᠳᠣᠯᠳᠡ ᠬᠢᠵᠥ᠂ ᠠᠵᠥ ᠥᠢᠯᠡᠳᠪᠤᠷᠢ ᠠᠭᠤᠷᠬᠠᠢ ᠠᠵᠥ ᠠᠬᠤᠶᠢᠯᠠᠯ ᠪᠤᠯᠣᠨ ᠨᠠᠶᠢᠬᠡᠮ ᠤᠨ ᠬᠥᠴᠣᠨ ᠢ ᠵᠢᠯᠣᠭᠤᠳᠣᠨ ᠨᠡᠬᠦᠳᠡᠯ ᠠᠷᠠᠳ ᠤᠨ ᠴᠢᠭ ᠤᠨ ᠪᠥᠳᠣᠬᠡᠨ ᠪᠠᠶᠢᠭᠤᠯᠣᠯᠳᠠ ᠶᠢ ᠬᠤᠷᠰᠢᠯᠴᠠᠨ ᠬᠠᠪᠰᠣᠷᠴᠣ᠂ ᠮᠠᠯᠵᠢᠬᠤ ᠳᠠᠷᠢᠶᠠᠯᠠᠬᠤ ᠣᠷᠣᠨ ᠤ ᠳᠣᠭᠳᠠᠭᠤᠨ ᠣᠯᠠᠨ ᠡᠰᠢᠳᠣ ᠪᠠᠯᠠ ᠣᠷᠣᠭᠤᠯᠣᠯᠳᠠ ᠶᠢ ᠨᠡᠮᠡᠭᠳᠡᠬᠦᠯᠬᠦ ᠳᠣᠭᠳᠠᠴᠠ ᠶᠢ ᠪᠤᠢ ᠪᠤᠯᠭᠠᠨ᠎ᠠ᠃ ᠮᠠᠯ ᠳᠠᠷᠢᠶᠠᠯᠠᠩ ᠤᠨ ᠬᠥᠮᠣᠨ ᠠᠮᠠ ᠶᠢ ᠨᠡᠬᠦᠨ ᠰᠢᠯᠵᠢᠬᠦᠯᠬᠦ ᠶᠢ ᠳᠥᠯᠬᠢᠨ ᠠᠬᠢᠭᠤᠯᠬᠤ ᠶᠡᠷᠣᠩᠬᠡᠢ ᠰᠠᠨᠠᠯ ᠪᠠ ᠬᠡᠷᠡᠭᠵᠢᠬᠦᠯᠬᠦ ᠠᠷᠭ᠎ᠠ ᠶᠢ ᠳᠡᠬᠦᠯᠳᠡᠷᠵᠢᠬᠦᠯᠣᠨ᠂ ᠨᠡᠬᠦᠨ ᠰᠢᠯᠵᠢᠭᠰᠡᠨ ᠮᠠᠯᠴᠢᠨ ᠳᠠᠷᠢᠶᠠᠴᠢᠳ  ᠤᠨ ᠠᠵᠢᠯ ᠣᠯᠭᠤᠯᠳᠠ᠂ ᠬᠥᠮᠣᠵᠢᠯ ᠪᠤᠯᠪᠠᠰᠣᠷᠠᠯ᠂ ᠨᠠᠶᠢᠬᠡᠮ ᠤᠨ ᠳᠠᠭᠠᠳᠬᠠᠯ᠂ ᠣᠷᠣᠨ ᠰᠠᠭᠤᠴᠠ ᠶᠢ ᠠᠬᠢᠭᠤᠯᠬᠤ ᠢᠵᠢ ᠪᠥᠷᠢᠳᠥᠭᠰᠡᠨ ᠳᠥᠷᠣ ᠶᠢᠨ ᠪᠤᠳᠣᠯᠭ᠎ᠠ ᠠᠷᠭ᠎ᠠ ᠪᠠᠷᠢᠯ ᠢ ᠥᠳᠳᠠᠷ ᠳᠥᠷᠬᠡᠨ ᠰᠣᠳᠣᠯᠣᠨ ᠳᠣᠭᠳᠠᠭᠠᠵᠥ᠂ ᠨᠡᠬᠦᠨ ᠰᠢᠯᠵᠢᠭᠰᠡᠨ ᠮᠠᠯᠴᠢᠨ ᠳᠠᠷᠢᠶᠠᠴᠢᠳ ᠢ ᠠᠵᠢᠯ ᠣᠯᠬᠤ ᠳᠤ ᠣᠷᠣᠨ ᠪᠠᠶᠢᠷᠢ ᠲᠠᠢ᠂ ᠠᠮᠢᠳᠣᠷᠠᠯ ᠨᠢ ᠪᠠᠳᠣᠯᠠᠭ᠎ᠠ ᠲᠠᠢ᠂ ᠪᠠᠶᠠᠵᠢᠨ ᠴᠢᠨᠡᠬᠡᠯᠢᠭᠵᠢᠬᠦ ᠳᠤ ᠵᠠᠮ ᠮᠥᠷ ᠲᠠᠢ ᠪᠤᠯᠭᠠᠨ᠎ᠠ᠃      ︵ᠵᠢᠷᠭᠤᠭ᠎ᠠ︶ ᠣᠳᠣᠬᠢᠴᠢᠯᠠᠯᠳᠠ ᠶᠢᠨ ᠱᠠᠭᠠᠷᠳᠠᠯᠭ᠎ᠠ ᠳᠤ ᠳᠣᠬᠢᠷᠠᠭᠰᠠᠨ ᠰᠠᠭᠤᠷᠢ ᠳᠥᠬᠦᠬᠡᠷᠣᠮᠵᠢ ᠶᠢᠨ ᠳᠣᠣᠷ ᠰᠥᠯᠵᠢᠶ᠎ᠠ ᠶᠢ ᠴᠢᠷᠮᠠᠶᠢᠨ ᠪᠠᠶᠢᠭᠤᠯᠵᠥ᠂ ᠠᠵᠥ ᠠᠬᠤᠢ ᠨᠠᠶᠢᠬᠡᠮ ᠤᠨ ᠶᠡᠷᠣᠩᠬᠡᠶᠢᠯᠡᠭᠰᠡᠨ ᠳᠠᠭᠠᠭᠠᠬᠤ ᠴᠢᠳᠠᠪᠤᠷᠢ ᠶᠢ  ᠨᠡᠮᠡᠭᠳᠡᠬᠦᠯᠤᠨ᠎ᠠ᠃ ᠣᠯᠣᠰ ᠤᠨ ᠰᠢᠨ᠎ᠠ ᠨᠢᠬᠡᠨ ᠡᠬᠡᠯᠵᠢ ᠶᠢᠨ ᠰᠠᠭᠤᠷᠢ ᠳᠥᠬᠦᠬᠡᠷᠣᠮᠵᠢ ᠶᠢ ᠶᠡᠬᠡᠪᠡᠷ ᠪᠥᠳᠣᠬᠡᠨ ᠪᠠᠶᠢᠭᠤᠯᠬᠤ ᠳᠡᠣᠬᠡ ᠶᠢᠨ ᠠᠵᠠ ᠳᠣᠬᠢᠶᠠᠯ ᠢ  ᠡᠵᠡᠮᠳᠡᠨ᠂ ᠳᠣᠰᠬᠠᠢ ᠳᠥᠷᠣᠯ ᠤᠨ ᠪᠠᠯᠠ ᠮᠥᠩᠬᠦ ᠶᠢ ᠢᠳᠡᠪᠬᠢᠳᠡᠢ ᠣᠯᠵᠥ᠂ ᠪᠥᠬᠦ ᠬᠤᠳᠠ ᠶᠢᠨ ᠰᠠᠭᠤᠷᠢ ᠳᠥᠬᠦᠬᠡᠷᠣᠮᠵᠢ ᠶᠢᠨ ᠨᠥᠬᠦᠴᠠᠯ ᠢ ᠣᠯᠠᠮ ᠨᠢᠬᠡ ᠠᠯᠬᠤᠮ ᠰᠠᠶᠢᠵᠢᠷᠠᠭᠤᠯᠣᠨ᠎ᠠ᠃ ᠴᠢᠬᠤᠯᠠ ᠶᠡᠭᠡ ᠣᠰᠣ ᠬᠠᠩᠭᠠᠬᠤ ᠢᠨᠵᠧᠨᠧᠷᠢᠩ ᠤᠨ ᠪᠥᠳᠣᠬᠡᠨ ᠪᠠᠶᠢᠭᠤᠯᠣᠯᠳᠠ ᠶᠢ ᠳᠥᠯᠬᠢᠨ ᠠᠬᠢᠭᠤᠯᠵᠥ᠂ ᠬᠤᠸᠠ ᠵᠢᠶᠠᠩ ᠶᠢᠩ ᠽᠢ᠂ ᠯᠢᠣ ᠯᠢᠨ ᠳᠠᠨ᠂ ᠸᠠᠨ ᠵᠢᠶᠠ ᠵᠠᠢ᠂ ᠳ᠋ᠧᠩᠺᠸᠣ᠂ ᠪᠠᠶᠠᠨᠳᠣᠬᠤᠢ᠂ ᠮᠧᠩ ᠰᠢ᠂ ᠳ᠋ᠠ  ᠼᠤᠤ ᠸᠠᠨ᠂ ᠪᠠᠳᠣ ᠶᠢᠨ ᠳᠣᠬᠤᠢ ᠵᠡᠷᠬᠡ 8 ᠣᠰᠣ ᠠᠪᠬᠤ ᠴᠢᠭ ᠢ ᠪᠥᠳᠣᠬᠡᠨ ᠪᠠᠶᠢᠭᠤᠯᠵᠥ᠂ ᠡᠮᠣᠨᠠᠳᠣ ᠬᠡᠰᠡᠭ ᠤᠨ ᠠᠵᠥ ᠥᠢᠯᠡᠳᠪᠤᠷᠢ ᠶᠢᠨ ᠬᠥᠷᠢᠶᠠᠯᠠᠩ ᠳᠣᠭᠤᠷᠢᠭ ᠤᠨ ᠣᠰᠣ ᠬᠠᠩᠭᠠᠬᠤ ᠨᠢᠬᠡᠳᠣᠬᠡᠷ ᠬᠤᠭᠤᠴᠠᠭᠠᠨ ᠤ ᠪᠠᠷᠢᠯᠭ᠎ᠠ᠂ ᠬᠠᠳᠣᠨ ᠭᠤᠤᠯ ᠤᠨ ᠣᠰᠣ ᠶᠢ ᠵᠠᠬᠦᠨᠰᠢ ᠳᠠᠳᠠᠨ ᠣᠷᠣᠭᠤᠯᠬᠤ ᠬᠤᠶᠠᠳᠣᠭᠠᠷ ᠬᠤᠭᠤᠴᠠᠭᠠᠨ ᠤ ᠪᠠᠷᠢᠯᠭ᠎ᠠ᠂ ᠬᠠᠳᠠᠭᠤᠴᠠᠶᠢᠳᠠᠮ ᠣᠰᠣᠨ ᠤ ᠡᠬᠢ ᠰᠣᠷᠪᠤᠯᠵᠢ ᠶᠢᠨ ᠭᠠᠵᠠᠷ ᠤᠨ ᠨᠢᠬᠡᠳᠣᠬᠡᠷ ᠬᠤᠭᠤᠴᠠᠭᠠᠨ ᠤ ᠪᠠᠷᠢᠯᠭ᠎ᠠ ᠶᠢᠨ ᠪᠥᠳᠣᠬᠡᠨ ᠪᠠᠶᠢᠭᠤᠯᠣᠯᠳᠠ ᠶᠢ ᠪᠠᠶᠠᠯᠠᠬᠦᠯᠵᠥ᠂ ᠳ᠋ᠠ ᠯᠣ᠋᠂ ᠱᠠᠩᠬᠠᠢ ᠶᠢᠨ ᠰᠥᠮ᠎ᠠ ᠶᠢᠨ ᠣᠰᠣ ᠬᠠᠩᠭᠠᠬᠤ ᠪᠠᠷᠢᠯᠭ᠎ᠠ ᠪᠠ ᠥᠮᠡᠬᠡᠶᠢᠨᠠᠭᠤᠷ ᠤᠨ ᠣᠰᠣᠨ ᠤ ᠡᠬᠢ ᠰᠣᠷᠪᠤᠯᠵᠢ ᠶᠢᠨ ᠭᠠᠵᠠᠷ ᠢ ᠡᠬᠢᠯᠡᠬᠦᠯᠥᠨ ᠪᠠᠶᠢᠭᠤᠯᠵᠥ᠂ ᠣᠰᠣᠨ ᠤ ᠬᠠᠩᠭᠠᠯᠭ᠎ᠠ ᠶᠢ ᠶᠡᠷᠣᠩᠬᠡᠶᠢᠯᠡᠨ ᠪᠠᠳᠣᠯᠠᠬᠤ ᠴᠢᠳᠠᠪᠤᠷᠢ ᠶᠢ ᠳᠡᠬᠡᠭᠰᠢᠯᠡᠬᠦᠯᠥᠨ᠎ᠠ᠃ ᠬᠥᠷᠣᠰᠣ ᠰᠢᠷᠣᠢ  ᠶᠢᠨ ᠢᠳᠡᠭᠳᠡᠯ  ᠢ ᠵᠠᠰᠠᠭᠰᠠᠨ ᠬᠡᠮᠵᠢᠶ᠎ᠠ ᠪᠠᠷ ᠣᠰᠣ ᠥᠭᠬᠦ ᠢᠨᠵᠧᠨᠧᠷᠢᠩ ᠢ ᠢᠳᠡᠪᠬᠢᠳᠡᠢ ᠠᠬᠢᠭᠤᠯᠵᠥ᠂ ᠣᠰᠣᠨ ᠤ ᠡᠷᠬᠡ ᠶᠢ ᠬᠤᠪᠢᠷᠠᠭᠤᠯᠬᠤ ᠬᠤᠶᠠᠳᠣᠭᠠᠷ ᠬᠤᠭᠤᠴᠠᠭᠠᠨ ᠤ ᠪᠠᠷᠢᠯᠭ᠎ᠠ ᠪᠠ ᠣᠯᠣᠰ ᠤᠨ ᠰᠢᠷ᠎ᠠ ᠬᠥᠷᠣᠰᠣᠳᠣ ᠥᠨᠳᠦᠷᠯᠢᠭ ᠤᠨ ᠡᠯᠡᠰᠣ ᠶᠢ ᠬᠠᠰᠢᠵᠥ ᠵᠠᠰᠠᠬᠤ ᠳᠥᠷᠣᠯ ᠵᠥᠢᠯ ᠢ ᠡᠬᠢᠯᠠᠨ ᠬᠡᠷᠡᠭᠵᠢᠬᠦᠯᠥᠨ᠎ᠠ᠃ ︽ᠭᠤᠷᠪᠠᠨ ᠬᠥᠨᠳᠠᠯᠠᠨ ᠳᠥᠷᠪᠡᠨ ᠭᠤᠯᠳᠣ︾ ᠳᠠᠮᠣᠷ ᠵᠠᠮ ᠤᠨ ᠳᠣᠣᠷ ᠤᠨ ᠪᠥᠳᠣᠬᠡᠨ ᠪᠠᠶᠢᠭᠤᠯᠣᠯᠳᠠ ᠶᠢ ᠳᠥᠷᠬᠡᠳᠬᠡᠨ᠂ ᠵᠠᠬᠦᠨᠭᠠᠷ ᠠᠴᠠ ᠳ᠋ᠥᠩᠱᠧᠩ ᠬᠥᠷᠬᠦ ᠳᠠᠮᠣᠷ ᠵᠠᠮ ᠤᠨ ᠬᠤᠶᠠᠳᠣᠭᠠᠷ ᠬᠤᠭᠤᠴᠠᠭᠠᠨ ᠤ ᠪᠠᠷᠢᠯᠭ᠎ᠠ᠂ ᠰᠠᠨ ᠰᠢᠨ ᠳᠠᠮᠣᠷ ᠵᠠᠮ ᠤᠨ ᠪᠥᠬᠦ ᠱᠣᠭᠤᠮ ᠢᠶᠠᠷ ᠨᠡᠪᠳᠡᠷᠡᠬᠦ ᠶᠢ ᠥᠨᠡᠨᠬᠦ ᠪᠠᠳᠣᠯᠠᠵᠥ᠂ ᠬᠠᠳᠣᠨ ᠭᠤᠤᠯ ᠳᠠᠭᠠᠣ ᠣᠷᠣᠨ ᠤ ᠳᠠᠮᠣᠷ ᠵᠠᠮ᠂ ᠪᠠᠯᠭᠤᠨ ᠠᠴᠠ ᠵᠠᠬᠦᠨᠭᠠᠷ ᠬᠥᠷᠬᠦ ᠳᠠᠮᠣᠷ ᠵᠠᠮ᠂ ᠡᠮᠣᠨ᠎ᠠ ᠪᠠᠶ᠎ᠠ ᠶᠢᠨ ᠳᠠᠮᠣᠷ ᠵᠠᠮ ᠢ ᠡᠬᠢᠯᠡᠬᠦᠯᠥᠨ ᠪᠠᠶᠢᠭᠤᠯᠵᠥ᠂ ᠳᠠᠮᠣᠷ ᠵᠠᠮ  ᠤᠨ ᠭᠠᠳᠠᠭᠰᠢ ᠳᠡᠬᠡᠬᠡᠪᠤᠷᠢᠯᠠᠬᠦ ᠵᠠᠮ ᠢ ᠨᠡᠪᠳᠡᠷᠡᠬᠦᠯᠥᠨ᠂ ᠮᠠᠨ ᠤ ᠬᠤᠳᠠ ᠠᠴᠠ ᠼᠤᠤ ᠹᠸᠢ ᠳ᠋ᠢᠶᠠᠨ ᠭᠠᠷᠠᠮ ᠬᠥᠷᠬᠦ ᠳᠠᠮᠣᠷ ᠵᠠᠮ᠂ ᠬᠥᠬᠡᠬᠤᠳᠠ ᠪᠤᠭᠤᠳᠣ ᠣᠷᠳᠣᠰ ᠭᠤᠷᠪᠠᠨ ᠬᠤᠳᠠ ᠶᠢᠨ ᠬᠤᠭᠤᠷᠣᠨᠳᠣᠬᠢ ᠥᠨᠳᠣᠷ ᠬᠤᠷᠳᠣᠴᠠᠳᠣ ᠳᠠᠮᠣᠷ ᠵᠠᠮ ᠤᠨ ᠡᠮᠣᠨᠠᠬᠢ ᠬᠤᠭᠤᠴᠠᠭᠠᠨ ᠤ ᠠᠵᠢᠯ ᠢ ᠳᠥᠯᠬᠢᠨ ᠠᠬᠢᠭᠤᠯᠵᠥ᠂  ᠳᠠᠮᠣᠷ ᠵᠠᠮ ᠢ 295 ᠺᠢᠯᠣᠮᠧᠲᠷ ᠰᠢᠨ᠎ᠠ ᠪᠠᠷ ᠨᠡᠮᠡᠭᠳᠡᠬᠦᠯᠥᠨ᠎ᠠ᠃ ᠬᠤᠰᠢᠭᠤ ᠳᠣᠭᠤᠷᠢᠭ ᠤᠨ ︽ᠳᠡᠬᠡᠳᠣ ᠬᠤᠷᠳᠣᠴᠠᠳᠣ ᠱᠣᠭᠤᠮ ᠢ ᠨᠡᠪᠳᠡᠷᠡᠬᠦᠯᠬᠦ︾ ᠰᠢᠪᠳᠣᠯᠣᠯᠳᠠ ᠶᠢᠨ ᠢᠨᠵᠧᠨᠧᠷᠢᠩ ᠢ ᠪᠥᠬᠦ ᠳᠠᠯ᠎ᠠ ᠪᠠᠷ ᠬᠡᠷᠡᠭᠵᠢᠬᠦᠯᠥᠨ᠂ 109 ᠳᠡᠬᠡᠳᠣ ᠬᠤᠷᠳᠣᠴᠠᠳᠣ ᠱᠣᠭᠤᠮ ᠤᠨ ᠪᠥᠬᠦ ᠱᠣᠭᠤᠮ ᠢᠶᠠᠷ ᠨᠡᠪᠳᠡᠷᠡᠬᠦ ᠶᠢ ᠥᠨᠡᠨᠬᠦ ᠪᠠᠳᠣᠯᠠᠵᠥ᠂ ᠬᠠᠳᠣᠨ ᠭᠤᠣᠯ ᠳᠠᠭᠠᠣ ᠳᠠᠬᠢ ᠨᠢᠬᠡᠳᠣᠬᠡᠷ ᠳᠠᠰ ᠤᠨ ᠵᠠᠰᠠᠮᠠᠯ ᠵᠠᠮ᠂ ᠯᠠᠨ ᠵᠢᠶᠠ ᠯᠢᠶᠠᠩ ᠠᠴᠠ ᠭᠠᠯᠠᠭᠤᠳᠣ ᠬᠥᠷᠬᠦ ᠨᠢᠬᠡᠳᠣᠬᠡᠷ ᠳᠠᠰ ᠤᠨ ᠵᠠᠰᠠᠮᠠᠯ ᠵᠠᠮ ᠢ ᠡᠬᠢᠯᠡᠬᠦᠯᠥᠨ ᠪᠥᠳᠣᠬᠡᠨ ᠪᠠᠶᠢᠭᠤᠯᠵᠥ᠂ ᠳᠡᠬᠡᠳᠣ ᠳᠠᠰ ᠤᠨ ᠵᠠᠰᠠᠮᠠᠯ ᠵᠠᠮ ᠢ 395 ᠺᠢᠯᠣᠮᠧᠲᠷ᠂ ᠰᠢᠶᠠᠩ ᠳᠣᠰᠬᠤᠨ ᠤ ᠴᠠᠷᠳᠠᠮᠠᠯ ᠵᠠᠮ ᠢ 350 ᠺᠢᠯᠣᠮᠧᠲᠷ ᠰᠢᠨ᠎ᠠ ᠎ ᠪᠠᠷ ᠨᠡᠮᠡᠭᠳᠡᠬᠦᠯᠥᠨ᠎ᠠ᠃ ᠳᠡᠯᠡᠬᠡᠶᠢᠵᠢᠬᠦᠯᠥᠭᠰᠡᠨ ᠨᠢᠰᠬᠡᠯ ᠤᠨ ᠪᠠᠭᠤᠳᠠᠯ ᠢ ᠥᠷᠬᠡᠳᠬᠡᠨ ᠪᠠᠶᠢᠭᠤᠯᠬᠤ ᠶᠢ ᠳᠥᠷᠬᠡᠳᠬᠡᠨ᠂ ᠣᠷᠣᠭᠤᠯᠵᠥ ᠭᠠᠷᠭᠠᠬᠤ ᠴᠢᠳᠠᠪᠤᠷᠢ ᠶᠢ ᠴᠢᠩᠭᠠᠷᠠᠭᠤᠯᠣᠨ᠂ ᠠᠶᠠᠯᠠᠯ ᠤᠨ ᠱᠣᠭᠤᠮ ᠢ ᠰᠢᠯᠢᠳᠡᠭᠵᠢᠬᠦᠯᠥᠨ ᠨᠢᠭᠳᠠᠷᠠᠭᠤᠯᠵᠥ᠂ ᠨᠢᠰᠬᠡᠯ ᠤᠨ ᠪᠠᠭᠤᠳᠠᠯ ᠢ ᠠᠶᠠᠨᠴᠢᠳ ᠤᠨ ᠳᠡᠬᠡᠬᠡᠪᠤᠷᠢ ᠪᠠᠷ ᠭᠤᠤᠯ ᠪᠤᠯᠭᠠᠵᠥ ᠪᠠᠶᠢᠭᠰᠠᠨ ᠠᠴᠠ ᠠᠶᠠᠨᠴᠢᠳ ᠪᠠ ᠪᠠᠷᠠᠭᠠᠨ ᠤ ᠳᠡᠬᠡᠬᠡᠪᠤᠷᠢ ᠶᠢ ᠶᠡᠷᠣᠩᠬᠡᠶᠢᠯᠡᠭᠰᠡᠨ ᠳᠡᠬᠡᠬᠡᠪᠤᠷᠢ ᠵᠥᠭ ᠬᠤᠪᠢᠷᠠᠭᠤᠯᠬᠤ ᠶᠢ ᠠᠬᠢᠭᠤᠯᠣᠨ᠎ᠠ᠃ ᠣᠯᠣᠰ ᠤᠨ ᠴᠠᠬᠢᠯᠭᠠᠨ ᠬᠥᠴᠣᠨ ᠢ ᠭᠠᠳᠠᠭᠰᠢ ᠬᠥᠷᠬᠡᠬᠦ ᠠᠭᠤᠯᠵᠠᠷ ᠤᠨ ᠥᠷᠳᠡᠭᠡ ᠶᠢ ᠡᠬᠢᠯᠡᠨ ᠪᠥᠳᠣᠬᠡᠨ ᠪᠠᠶᠢᠭᠤᠯᠵᠥ᠂ ᠴᠠᠬᠢᠯᠭᠠᠨ ᠬᠥᠴᠣᠨ ᠢ ᠶᠡᠭᠡ ᠬᠡᠮᠵᠢᠶ᠎ᠠ ᠪᠠᠷ ᠭᠠᠳᠠᠭᠰᠢ ᠬᠥᠷᠬᠡᠬᠦ ᠶᠢ ᠠᠬᠢᠭᠤᠯᠣᠨ᠎ᠠ᠃ ᠡᠨᠧᠷᠬᠢ ᠬᠥᠷᠬᠡᠬᠦ ᠬᠤᠭᠤᠯᠠᠢ ᠳᠣᠣᠷ ᠢ ᠡᠬᠢᠯᠠᠨ ᠳᠥᠯᠣᠪᠵᠢᠬᠦᠯᠥᠨ ᠪᠥᠳᠣᠬᠡᠨ ᠪᠠᠶᠢᠭᠤᠯᠵᠥ᠂ ᠵᠢᠩ ᠳᠠᠩ ᠭᠠᠷᠠᠮ ᠢ ᠬᠤᠯᠪᠤᠭᠰᠠᠨ ᠭᠠᠳᠠᠭᠰᠢ ᠬᠥᠷᠬᠡᠬᠦ ᠬᠤᠭᠤᠯᠠᠢ ᠶᠢᠨ ᠪᠠᠷᠢᠯᠭ᠎ᠠ ᠶᠢ ᠡᠬᠢᠯᠠᠬᠦᠯᠥᠨ᠎ᠠ᠃      ︵ᠳᠣᠯᠤᠭ᠎ᠠ︶ ᠨᠠᠶᠢᠬᠡᠮ ᠤᠨ ᠠᠵᠢᠯ ᠥᠢᠯᠡᠰ ᠢ ᠶᠡᠬᠡᠪᠡᠷ ᠬᠥᠭᠵᠢᠬᠦᠯᠵᠥ᠂ ᠠᠷᠠᠳ ᠤᠨ ᠠᠮᠢᠳᠣᠷᠠᠯ ᠢ ᠥᠷᠬᠦᠯᠵᠢᠯᠠᠨ ᠰᠠᠶᠢᠵᠢᠷᠠᠭᠤᠯᠣᠨ᠎ᠠ᠃ ᠰᠣᠷᠭᠠᠨ ᠬᠥᠮᠣᠵᠢᠯ ᠢ ᠣᠷᠢᠳᠠᠪᠠᠷ ᠬᠥᠭᠵᠢᠬᠦᠯᠬᠦ ᠶᠢ ᠪᠠᠷᠢᠮᠳᠠᠯᠠᠨ᠂ ᠰᠠᠭᠤᠷᠢ ᠰᠣᠷᠭᠠᠨ ᠬᠥᠮᠣᠵᠢᠯ ᠤᠨ ᠰᠣᠷᠭᠠᠭᠤᠯᠢ ᠡᠷᠬᠢᠯᠡᠬᠦ ᠨᠥᠬᠦᠴᠡᠯ ᠢ ᠣᠯᠠᠮ ᠨᠢᠬᠡ ᠠᠯᠬᠤᠮ ᠰᠠᠶᠢᠵᠢᠷᠠᠭᠤᠯᠵᠥ᠂ ᠭᠠᠵᠠᠷ ᠣᠷᠣᠨ ᠤ ᠭᠤᠤᠯᠯᠠᠬᠤ ᠠᠵᠥ ᠥᠢᠯᠡᠰ ᠤᠨ ᠬᠥᠭᠵᠢᠯᠳᠠ ᠪᠠ ᠮᠠᠯᠴᠢᠨ ᠳᠠᠷᠢᠶᠠᠴᠢᠨ ᠢ ᠨᠡᠬᠦᠯᠬᠡᠨ ᠰᠢᠯᠵᠢᠬᠦᠯᠬᠦ ᠬᠡᠷᠡᠭᠴᠡᠭᠡ  ᠳᠤ ᠳᠣᠬᠢᠷᠠᠭᠰᠠᠨ ᠠᠵᠢᠯ ᠮᠡᠷᠬᠡᠵᠢᠯ ᠤᠨ ᠰᠣᠷᠭᠠᠨ ᠬᠥᠮᠣᠵᠢᠯ ᠤᠨ ᠰᠢᠰᠲ᠋ᠧᠮᠵᠢ ᠶᠢ ᠳᠥᠷᠬᠡᠬᠡᠨ ᠪᠠᠶᠢᠭᠤᠯᠵᠥ᠂ ᠳᠡᠬᠡᠳᠣ ᠵᠡᠷᠬᠡ ᠶᠢᠨ ᠰᠣᠷᠭᠠᠨ ᠬᠥᠮᠣᠵᠢᠯ ᠢ ᠥᠷᠬᠦᠯᠵᠢᠯᠠᠨ ᠳᠥᠯᠬᠢᠨ ᠠᠬᠢᠭᠤᠯᠵᠥ᠂ ᠥᠨᠳᠣᠰᠣᠳᠠᠨ ᠤ ᠰᠣᠷᠭᠠᠨ ᠬᠥᠮᠣᠵᠢᠯ ᠢ ᠯᠠᠪᠳᠠᠭᠤᠨ ᠪᠠᠳᠣᠳᠠᠢ ᠰᠠᠶᠢᠳᠣᠷ ᠡᠷᠬᠢᠯᠡᠵᠥ᠂ ᠰᠣᠷᠭᠠᠨ ᠬᠥᠮᠣᠵᠢᠯ ᠤᠨ ᠳᠣᠮᠣ ᠬᠥᠭᠵᠢᠯᠳᠠ ᠪᠠᠷ ᠭᠠᠵᠠᠷ ᠣᠷᠣᠨ ᠤ ᠪᠥᠬᠦᠯᠢ ᠴᠣᠭᠴᠠᠳᠣ ᠬᠥᠭᠵᠢᠯᠳᠠ ᠶᠢᠨ ᠬᠢᠷᠢ ᠬᠡᠮᠵᠢᠶᠠᠨ ᠤ ᠳᠠᠬᠡᠭᠰᠢᠯᠡᠯᠳᠡ ᠶᠢ ᠠᠬᠢᠭᠤᠯᠣᠨ᠎ᠠ᠃ ᠪᠥᠬᠦ ᠠᠷᠠᠳ ᠤᠨ ᠡᠷᠡᠬᠦᠯ ᠴᠢᠬᠢᠷᠠᠭ ᠢ ᠠᠬᠢᠭᠤᠯᠬᠤ ᠢᠨᠵᠧᠨᠧᠷᠢᠩ ᠢ ᠬᠡᠷᠡᠭᠵᠢᠬᠦᠯᠵᠥ᠂ ᠮᠠᠯᠵᠢᠬᠤ ᠳᠠᠷᠢᠶᠠᠯᠠᠬᠤ ᠣᠷᠣᠨ ᠤ ᠰᠢᠨ᠎ᠠ ᠮᠠᠶ᠋ᠢᠭ  ᠤᠨ ᠬᠤᠷᠰᠢᠭᠰᠠᠨ ᠡᠮ ᠡᠮᠨᠡᠯᠬᠡ ᠶᠢᠨ ᠨᠥᠬᠦᠪᠤᠷᠢ ᠪᠠ ᠲᠡᠩᠰᠠᠨ ᠠᠴᠠ ᠳᠠᠶᠢᠯᠬᠤ ᠪᠠᠷᠢᠮᠵᠢᠶ᠎ᠠ ᠶᠢ ᠳᠡᠬᠡᠭᠰᠢᠯᠡᠬᠦᠯᠥᠨ᠂ ᠮᠣᠩᠭᠤᠯ ᠡᠮ ᠡᠮᠨᠡᠯᠬᠡ ᠶᠢ ᠰᠣᠳᠣᠯᠬᠤ ᠪᠠ ᠬᠥᠭᠵᠢᠬᠦᠯᠬᠦ ᠠᠵᠢᠯ ᠢ ᠢᠳᠡᠪᠬᠢᠳᠡᠢ ᠥᠷᠨᠢᠬᠦᠯᠵᠥ᠂ ᠣᠯᠣᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠬᠥᠳᠡᠯᠬᠡᠬᠡᠨ ᠢ ᠬᠥᠨᠵᠡᠬᠡᠢ ᠥᠷᠨᠢᠬᠦᠯᠣᠨ᠂ ᠪᠥᠬᠦ ᠣᠯᠣᠰ ᠤᠨ ᠡᠷᠡᠬᠦᠯ ᠬᠠᠮᠠᠭᠠᠯᠠᠯ ᠤᠨ ᠬᠤᠳᠠ ᠶᠢ ᠪᠠᠶᠢᠭᠤᠯᠵᠥ᠂ ᠡᠷᠡᠬᠦᠯ ᠴᠢᠬᠢᠷᠠᠭ ᠣᠷᠳᠣᠰ ᠢ ᠪᠠᠶᠢᠭᠤᠯᠣᠨ᠎ᠠ᠃ ᠳᠣᠣᠷ᠎ᠠ ᠥᠷᠡᠵᠢᠯ ᠤᠨ ᠬᠢᠷᠢ ᠬᠡᠮᠵᠢᠶ᠎ᠠ ᠶᠢ ᠳᠣᠭᠳᠠᠪᠤᠷᠢᠵᠢᠭᠤᠯᠵᠥ᠂ ᠬᠥᠮᠣᠨ ᠠᠮᠠ ᠶᠢᠨ ᠳᠥᠷᠣᠯᠳᠠ ᠶᠢᠨ ᠬᠡᠪ ᠴᠢᠨᠠᠷ ᠢ ᠳᠡᠬᠡᠭᠰᠢᠯᠡᠬᠦᠯᠥᠨ᠎ᠠ᠃ ᠪᠠᠶ᠎ᠠ ᠶᠢᠨ ᠳᠠᠮᠢᠷ ᠤᠨ ᠰᠠᠭᠤᠷᠢ ᠳᠥᠬᠦᠬᠡᠷᠣᠮᠵᠢ ᠶᠢᠨ ᠪᠥᠳᠣᠬᠡᠨ ᠪᠠᠶᠢᠭᠤᠯᠣᠯᠳᠠ ᠶᠢ ᠴᠢᠩᠭᠠᠳᠬᠠᠨ᠂ ᠳᠣᠮᠣ ᠬᠡᠯᠪᠡᠷᠢ ᠶᠢᠨ ᠪᠠᠶ᠎ᠠ ᠳᠠᠮᠢᠷ ᠤᠨ ᠣᠷᠣᠯᠳᠣᠭᠠᠨ ᠤ ᠠᠵᠢᠯᠯᠠᠭ᠎ᠠ ᠶᠢ ᠰᠠᠶᠢᠳᠣᠷ ᠡᠷᠬᠢᠯᠡᠵᠥ᠂ ᠪᠥᠬᠦ ᠠᠷᠠᠳ ᠤᠨ ᠪᠠᠶ᠎ᠠ ᠴᠢᠬᠢᠷᠠᠭᠵᠢᠭᠤᠯᠬᠤ ᠬᠥᠳᠡᠯᠬᠡᠬᠡᠨ ᠢ ᠥᠷᠬᠡᠨ ᠢᠶᠠᠷ ᠥᠷᠨᠢᠬᠦᠯᠥᠨ᠎ᠠ᠃ ᠢᠳᠡᠬᠡᠨ ᠡᠮ ᠤᠨ ᠵᠥᠢᠯ ᠤᠨ ᠠᠶᠤᠯᠬᠦᠢ ᠶᠢᠨ ᠬᠢᠨᠠᠯᠳᠠ ᠬᠠᠮᠢᠶᠠᠷᠣᠯᠳᠠ ᠶᠢ ᠴᠢᠩᠭᠠᠷᠠᠭᠤᠯᠣᠨ᠂ ᠳᠣᠭᠳᠠᠮᠠᠯ ᠬᠤᠭᠤᠴᠠᠭ᠎ᠠ ᠪᠠᠷ ᠨᠠᠶᠢᠳᠠᠯᠠᠬᠦ ᠳᠥᠷᠢᠮ ᠢ ᠬᠡᠷᠡᠭᠵᠢᠬᠦᠯᠵᠥ ᠂ ᠨᠠᠶᠢᠬᠡᠮ ᠤᠨ ᠬᠢᠨᠠᠯᠳᠠ ᠶᠢ ᠴᠢᠩᠭᠠᠳᠬᠠᠨ᠂ ᠠᠷᠠᠳ ᠣᠯᠠᠨ ᠤ ᠢᠳᠡᠬᠡᠨ ᠪᠠ ᠡᠮ ᠬᠡᠷᠡᠭᠯᠡᠬᠦ ᠠᠶᠤᠯᠬᠦᠢ ᠶᠢ ᠪᠠᠳᠣᠯᠠᠨ᠎ᠠ᠃ ᠨᠠᠰᠣᠳᠠᠨ ᠠᠰᠠᠷᠠᠬᠤ᠂ ᠡᠮ ᠡᠮᠨᠡᠯᠬᠡ᠂ ᠠᠵᠢᠯ ᠠᠴᠠ ᠪᠤᠯᠣᠭᠰᠠᠨ ᠬᠡᠮᠳᠣᠯ᠂ ᠠᠵᠢᠯ ᠠᠯᠳᠠᠯᠳᠠ᠂ ᠥᠷᠡᠵᠢᠯ ᠤᠨ ᠳᠠᠭᠠᠳᠬᠠᠯ ᠤᠨ ᠳᠥᠷᠢᠮ ᠢ ᠣᠯᠠᠮ ᠨᠢᠬᠡ ᠠᠯᠬᠤᠮ ᠳᠡᠬᠦᠯᠳᠡᠷᠵᠢᠬᠦᠯᠥᠨ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠣᠷᠠᠯ  ᠤᠨ ᠨᠠᠭᠠᠳᠣ ᠵᠠᠬ᠎ᠠ ᠶᠢᠨ ᠪᠠᠳᠣᠯᠠᠭ᠎ᠠ ᠶᠢᠨ ᠪᠠᠷᠢᠮᠵᠢᠶ᠎ᠠ ᠪᠠ ᠨᠥᠬᠦᠪᠤᠷᠢ ᠶᠢᠨ ᠬᠢᠷᠢ ᠬᠡᠮᠵᠢᠶ᠎ᠠ ᠶᠢ ᠳᠡᠬᠡᠭᠰᠢᠯᠡᠬᠦᠯᠥᠨ᠎ᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠣᠳᠠᠨ ᠢ ᠠᠰᠠᠷᠠᠬᠤ ᠳᠠᠭᠠᠳᠬᠠᠯ ᠤᠨ ᠳᠥᠷᠢᠮ ᠢ ᠢᠳᠡᠪᠬᠢᠳᠡᠢ ᠠᠬᠢᠭᠤᠯᠣᠨ ᠳᠡᠬᠦᠯᠳᠡᠷᠵᠢᠬᠦᠯᠵᠥ᠂᠂ ᠡᠯ᠎ᠠ ᠵᠥᠢᠯ ᠤᠨ ᠨᠠᠶᠢᠬᠡᠮ ᠤᠨ ᠠᠪᠤᠷᠠᠨ ᠳᠣᠰᠠᠯᠠᠬᠤ ᠳᠥᠷᠢᠮ ᠢ ᠨᠠᠶᠢᠳᠠᠪᠤᠷᠢᠵᠢᠭᠤᠯᠣᠨ᠂ ᠨᠠᠶᠢᠬᠡᠮ ᠤᠨ ᠬᠥᠴᠣᠨ ᠤ ᠠᠰᠠᠷᠠᠮᠵᠢ ᠶᠢᠨ

        365提款成功但是不到账_365bet官网娱_aa365备用网址

        ᠥᠢᠯᠡᠰ ᠡᠷᠬᠢᠯᠡᠬᠦ ᠶᠢ ᠵᠤᠷᠢᠭᠵᠢᠭᠤᠯᠵᠥ᠂ ᠨᠡᠶᠢᠬᠡᠮ ᠤᠨ ᠪᠠᠳᠣᠯᠠᠭ᠎ᠠ ᠶᠢᠨ ᠬᠢᠷᠢ ᠬᠡᠮᠵᠢᠶ᠎ᠠ ᠶᠢ ᠳᠡᠬᠡᠭᠰᠢᠯᠡᠬᠦᠯᠥᠨ᠎ᠠ᠃ ᠠᠵᠢᠯ ᠣᠯᠭᠤᠬᠤ ᠪᠤᠯᠪᠠᠰᠣᠷᠠᠯ ᠢ ᠳᠡᠬᠡᠳᠣ ᠬᠡᠮᠵᠢᠶ᠎ᠠ ᠪᠠᠷ ᠴᠢᠬᠤᠯᠠᠴᠢᠯᠠᠨ᠂ ᠵᠠᠰᠠᠭ ᠤᠨ ᠣᠷᠳᠣᠨ ᠤ ᠳᠡᠮᠵᠢᠨ ᠳᠡᠳᠬᠦᠬᠦ ᠬᠥᠴᠣᠯᠠᠴᠠ ᠶᠢ ᠨᠡᠮᠡᠭᠳᠡᠬᠦᠯᠵᠥ᠂ ᠡᠯ᠎ᠠ ᠳᠥᠷᠣᠯ ᠤᠨ ᠪᠤᠯᠪᠠᠰᠣᠷᠠᠯ ᠤᠨ ᠡᠬᠢ ᠪᠠᠶᠠᠯᠢᠭ ᠢ ᠨᠢᠬᠡᠳᠣᠬᠦᠯᠥᠨ᠂ ᠪᠤᠯᠪᠠᠰᠣᠷᠠᠯ ᠤᠨ ᠴᠢᠭᠯᠡᠬᠦᠯᠬᠦ ᠴᠢᠨᠠᠷ ᠢ ᠴᠢᠩᠭᠠᠷᠠᠭᠤᠯᠵᠥ᠂ ᠠᠵᠢᠯ ᠣᠯᠭᠤᠬᠤ ᠳᠣᠭᠳᠠᠪᠤᠷᠢᠳᠣ ᠴᠢᠨᠠᠷ ᠢ ᠳᠡᠬᠡᠭᠰᠢᠯᠡᠬᠦᠯᠣᠨ᠎ᠠ︔ ᠬᠤᠳᠠ ᠬᠥᠳᠡᠭᠡ ᠨᠢᠬᠡᠳᠣᠯᠳᠡᠢ ᠬᠥᠳᠡᠯᠮᠣᠷᠢ ᠬᠥᠴᠣᠨ ᠤ ᠠᠵᠢᠯ ᠣᠯᠭᠤᠯᠳᠠ ᠶᠢᠨ ᠵᠠᠬ᠎ᠠ ᠳᠡᠯᠬᠡᠬᠦᠷ ᠪᠠ ᠥᠨᠳᠣᠰᠣᠨ ᠱᠠᠳᠣᠨ ᠳᠤ ᠥᠷᠬᠦᠯᠵᠢᠯᠡᠭᠰᠡᠨ ᠠᠵᠢᠯ ᠣᠯᠭᠤᠯᠳᠠ ᠶᠢᠨ ᠴᠢᠮᠡᠭᠡ ᠵᠠᠩᠬᠢ ᠶᠢᠨ ᠳᠣᠣᠷ ᠰᠥᠯᠵᠢᠶ᠎ᠠ ᠶᠢ ᠪᠠᠶᠢᠭᠤᠯᠵᠥ᠂ ᠰᠥᠢᠳᠬᠡᠯ ᠠᠪᠬᠤ ᠥᠬᠡᠢ ᠪᠠᠷ ᠠᠵᠢᠯ ᠮᠡᠷᠬᠡᠵᠢᠯ ᠳᠠᠨᠢᠯᠴᠠᠭᠤᠯᠬᠤ ᠪᠠ ᠴᠢᠮᠡᠭᠡ ᠵᠠᠩᠬᠢ ᠨᠠᠶᠢᠳᠠᠯᠠᠵᠥ᠂ ᠳᠡᠬᠦᠨᠴᠢᠯᠠᠨ ᠨᠠᠶᠢᠳᠠ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ ᠶᠢ ᠢᠳᠡᠪᠬᠢᠳᠡᠢ ᠨᠡᠬᠡᠬᠡᠨ ᠬᠥᠭᠵᠢᠬᠦᠯᠵᠥ᠂ ᠬᠠᠮᠤᠭ ᠶᠡᠭᠡ ᠬᠡᠮᠵᠢᠶ᠎ᠠ ᠪᠠᠷ ᠠᠵᠢᠯ ᠣᠯᠭᠤᠯᠳᠠ ᠶᠢ ᠠᠬᠢᠭᠤᠯᠣᠨ᠎ᠠ᠃ ᠬᠢᠮᠳᠠ ᠥᠨ᠎ᠠ ᠲᠠᠢ ᠣᠷᠣᠨ ᠰᠠᠭᠤᠴᠠ᠂ ᠬᠢᠮᠳᠠ ᠳᠥᠷᠢᠶᠡᠰᠣᠨ ᠬᠡᠷ ᠪᠠ ᠬᠤᠳᠠ ᠤᠷᠤᠭᠰᠠᠨ ᠮᠠᠯᠴᠢᠨ ᠲᠡᠷᠢᠶᠠᠴᠢᠳ  ᠢ ᠲᠦᠪᠬᠢᠨᠡᠬᠦᠯᠬᠦ ᠤᠷᠤᠨ ᠰᠠᠭᠤᠴᠠ ᠶᠢ ᠥᠷᠬᠦᠯᠵᠢᠯᠠᠨ ᠶᠡᠭᠡ ᠬᠡᠪᠴᠢᠶ᠎ᠠ ᠪᠠᠷ ᠪᠥᠳᠣᠬᠡᠨ ᠪᠠᠶᠢᠭᠤᠯᠣᠨ᠂ ᠬᠢᠶ᠎ᠠ ᠪᠠᠭᠰᠢ ᠰᠢᠨ᠎ᠠ ᠳᠣᠭᠤᠷᠢᠭ ᠤᠨ ᠵᠠᠰᠠᠭ ᠵᠠᠬᠢᠷᠭ᠎ᠠ ᠠᠵᠢᠯ ᠥᠢᠯᠡᠰ ᠤᠨ ᠨᠢᠬᠡᠴᠡ ᠶᠢᠨ ᠠᠵᠢᠯᠳᠠᠨ ᠠᠵᠢᠯᠴᠢᠨ ᠤ ᠬᠤᠶᠠᠳᠣᠭᠠᠷ ᠬᠤᠭᠤᠴᠠᠭᠠᠨ ᠤ ᠥᠨ᠎ᠠ ᠬᠢᠵᠠᠭᠠᠷᠯᠠᠭᠰᠠᠨ ᠳᠠᠸᠠᠷ ᠤᠨ ᠪᠠᠶᠢᠰᠢᠩ ᠤᠨ ᠪᠠᠷᠢᠯᠭ᠎ᠠ ᠶᠢᠨ ᠪᠥᠳᠣᠬᠡᠨ ᠪᠠᠶᠢᠭᠤᠯᠣᠯᠳᠠ ᠶᠢ ᠪᠥᠬᠦ ᠳᠠᠯ᠎ᠠ ᠪᠠᠷ ᠡᠬᠢᠯᠡᠬᠦᠯᠥᠨ᠎ᠠ᠃      ᠠᠷᠠᠳ ᠤᠨ ᠠᠮᠢᠳᠣᠷᠠᠯ ᠢ ᠳᠡᠬᠡᠳᠣ ᠬᠡᠮᠵᠢᠶ᠎ᠠ ᠪᠠᠷ ᠠᠩᠬᠠᠷᠴᠣ᠂ ᠡᠨᠡ ᠵᠢᠯ ᠪᠥᠬᠦ ᠬᠤᠳᠠ ᠶᠢᠨ ᠠᠷᠠᠳ ᠳᠥᠮᠠᠨ  ᠳᠤ 10 ᠪᠤᠳᠠᠳᠣ ᠶᠠᠪᠤᠳᠠᠯ ᠢ ᠳᠥᠪᠯᠡᠷᠡᠬᠦᠯᠥᠨ ᠰᠠᠶᠢᠳᠣᠷ ᠬᠢᠨ᠎ᠠ᠃ ᠨᠢᠬᠡ ᠳᠤ 18 ᠳᠣᠮᠳᠠᠳᠣ ᠪᠠᠭ᠎ᠠ ᠰᠣᠷᠭᠠᠭᠤᠯᠢ᠂ 24 ᠬᠡᠣᠬᠡᠳ ᠤᠨ ᠴᠡᠴᠡᠷᠯᠢᠭ ᠢ ᠰᠢᠨ᠎ᠠ ᠪᠠᠷ ᠪᠥᠳᠣᠬᠡᠨ ᠪᠠᠶᠢᠭᠤᠯᠵᠥ᠂ ᠰᠣᠷᠭᠠᠭᠤᠯᠢ ᠡᠷᠬᠢᠯᠡᠬᠦ ᠨᠥᠬᠦᠴᠡᠯ ᠢ ᠣᠯᠠᠮ ᠨᠢᠬᠡ ᠠᠯᠬᠤᠮ ᠰᠠᠶᠢᠵᠢᠷᠠᠭᠤᠯᠣᠨ᠎ᠠ᠃ ᠬᠤᠶᠠᠷ ᠲᠤ 200 ᠳᠥᠮᠠᠨ ᠬᠠᠪᠳᠠᠭᠠᠢ ᠳᠥᠷᠪᠡᠯᠵᠢᠨ ᠮᠧᠲᠷ ᠬᠢᠮᠳᠠ ᠣᠷᠣᠨ ᠰᠠᠭᠤᠴᠠ᠂ 5 ᠳᠥᠮᠠᠨ ᠬᠠᠪᠳᠠᠭᠠᠢ ᠳᠥᠷᠪᠡᠯᠵᠢᠨ ᠮᠧᠲᠷ ᠬᠢᠮᠳᠠ ᠳᠥᠷᠢᠶᠡᠰᠣᠨ ᠬᠡᠷ᠂ 100 ᠳᠥᠮᠠᠨ ᠬᠠᠪᠳᠠᠭᠠᠢ ᠳᠥᠷᠪᠡᠯᠵᠢᠨ ᠮᠧᠲᠷ ᠮᠠᠯᠴᠢᠨ ᠳᠠᠷᠢᠶᠠᠴᠢᠨ ᠢ ᠰᠢᠯᠵᠢᠬᠦᠯᠥᠨ ᠳᠥᠪᠬᠢᠨᠡᠬᠦᠯᠬᠦ ᠬᠡᠷ ᠢ ᠰᠢᠨ᠎ᠠ ᠪᠠᠷ ᠪᠠᠶᠢᠭᠤᠯᠣᠨ᠎ᠠ᠃ ᠭᠤᠷᠪᠠ ᠳᠤ 9 ᠨᠠᠶᠢᠬᠡᠮ ᠳᠣᠭᠤᠷᠢᠭ ᠤᠨ ᠡᠷᠡᠬᠦᠯ ᠬᠠᠮᠠᠭᠠᠯᠠᠯ ᠤᠨ ᠥᠢᠯᠡᠴᠢᠯᠡᠬᠡᠨ ᠤ ᠳᠥᠪ᠂ 15 ᠨᠠᠶᠢᠬᠡᠮ ᠳᠣᠭᠤᠷᠢᠭ ᠤᠨ ᠡᠷᠡᠬᠦᠯ ᠬᠠᠮᠠᠭᠠᠯᠠᠯ ᠤᠨ ᠥᠢᠯᠡᠴᠢᠯᠡᠬᠡᠨ ᠤ  ᠥᠷᠳᠡᠭᠡ᠂ 100 ᠪᠠᠷᠢᠮᠵᠢᠶᠠᠵᠢᠭᠤᠯᠣᠭᠰᠠᠨ ᠭᠠᠴᠠᠭ᠎ᠠ ᠳᠣᠰᠬᠤᠨ ᠤ ᠡᠷᠡᠬᠦᠯ ᠬᠠᠮᠠᠭᠠᠯᠠᠯ ᠤᠨ ᠬᠡᠷ ᠢ ᠰᠢᠨ᠎ᠠ ᠪᠠᠷ ᠪᠥᠳᠣᠬᠡᠨ ᠪᠠᠶᠢᠭᠤᠯᠣᠨ᠎ᠠ᠃ ᠳᠥᠷᠪᠡ ᠳᠤ ᠶᠡᠭᠡ ᠰᠣᠷᠭᠠᠭᠤᠯᠢ  ᠠᠴᠠ ᠳᠡᠬᠦᠰᠥᠭᠰᠡᠨ ᠳᠥᠮᠠᠨ ᠣᠶᠣᠳᠠᠳ ᠲᠤ ᠠᠵᠢᠯ ᠣᠯᠭᠤᠬᠤ ᠳᠥᠯᠣᠪᠯᠡᠭᠡ ᠶᠢ ᠬᠡᠷᠡᠭᠵᠢᠬᠦᠯᠥᠨ᠂ ᠨᠡᠬᠦᠨ ᠰᠢᠯᠵᠢᠭᠰᠡᠨ ᠮᠠᠯᠴᠢᠨ ᠳᠠᠷᠢᠶᠠᠴᠢᠨ ᠤ ᠬᠡᠷ ᠪᠥᠯᠢ ᠪᠠ ᠬᠤᠳᠠ ᠪᠠᠯᠭᠠᠰᠣᠨ ᠤ ᠬᠥᠴᠢᠷᠳᠡᠯᠳᠡᠢ ᠬᠡᠷ ᠪᠥᠯᠢ ᠶᠢᠨ ᠶᠡᠭᠡ ᠰᠣᠷᠭᠠᠭᠤᠯᠢ ᠠᠴᠠ ᠳᠡᠬᠦᠰᠥᠭᠰᠡᠨ ᠰᠣᠷᠣᠭᠴᠢᠳ ᠲᠤ ᠬᠥᠢᠴᠡᠳ ᠠᠵᠢᠯ ᠣᠯᠭᠤᠬᠤ ᠶᠢ ᠪᠠᠳᠣᠯᠠᠵᠥ᠂ 5 ᠳᠥᠮᠠᠨ ᠬᠥᠮᠣᠨ ᠳᠤ ᠠᠵᠢᠯ ᠣᠯᠭᠤᠬᠤ ᠪᠤᠯᠪᠠᠰᠣᠷᠠᠯ ᠬᠢᠬᠦ ᠶᠢ ᠪᠠᠶᠠᠯᠠᠬᠦᠯᠥᠨ᠂ ᠬᠤᠳᠠ ᠪᠠᠯᠭᠠᠰᠣᠨ  ᠳᠤ ᠰᠢᠨ᠎ᠠ ᠪᠠᠷ 1.8 ᠳᠥᠮᠠᠨ ᠬᠥᠮᠣᠨ  ᠳᠤ ᠠᠵᠢᠯ ᠣᠯᠭᠤᠨ᠎ᠠ᠃ ᠳᠠᠪᠤ ᠳᠤ ᠶᠠᠳᠠᠭᠤ ᠶᠢ ᠳᠡᠳᠬᠦᠬᠦ ᠪᠠᠬᠢᠯᠠᠯᠳᠠ ᠳᠠᠭᠠᠷᠢᠬᠤ ᠢᠨᠵᠧᠨᠧᠷᠢᠩ ᠢ ᠠᠬᠢᠭᠤᠯᠵᠥ᠂ 1 ᠳᠥᠮᠠᠨ ᠴᠥᠬᠡᠨ ᠳᠣᠭᠠᠳᠣ ᠥᠨᠳᠣᠰᠣᠳᠠᠨ ᠤ ᠶᠠᠳᠠᠭᠤ ᠬᠥᠴᠢᠷᠳᠠᠯᠳᠠᠢ ᠬᠥᠮᠣᠨ ᠠᠮᠠ ᠶᠢ ᠶᠠᠳᠠᠭᠤ ᠠᠴᠠ ᠠᠩᠬᠢᠵᠢᠷᠠᠭᠤᠯᠬᠤ ᠠᠰᠠᠭᠤᠳᠠᠯ ᠢ ᠰᠢᠢᠳᠪᠤᠷᠢᠯᠠᠨ᠎ᠠ᠃ ᠵᠢᠷᠭᠤᠭ᠎ᠠ ᠳᠤ ᠵᠠᠰᠠᠭ ᠵᠠᠬᠢᠷᠭ᠎ᠠ ᠠᠵᠢᠯ ᠥᠢᠯᠡᠰ ᠤᠨ ᠨᠢᠬᠡᠴᠡ ᠶᠢᠨ ᠺᠠᠳ᠋ᠷ ᠠᠵᠢᠯᠳᠠᠨ ᠤ ᠣᠷᠣᠨ ᠨᠣᠳᠤᠭ ᠤᠨ ᠨᠡᠮᠡᠬᠦᠷᠢ ᠵᠤᠭᠤᠰ ᠨᠥᠬᠦᠪᠤᠷᠢ ᠮᠥᠩᠬᠦ ᠶᠢ ᠨᠡᠮᠡᠭᠳᠡᠬᠦᠯᠥᠨ᠂ ᠠᠵᠥ ᠠᠬᠤᠶᠢᠯᠠᠯ ᠤᠨ ᠠᠵᠢᠯ ᠠᠴᠠ ᠪᠠᠨ ᠰᠠᠯᠵᠥ ᠠᠮᠠᠷᠠᠭᠰᠠᠨ ᠠᠵᠢᠯᠳᠠᠳ ᠤᠨ ᠠᠰᠠᠷᠠᠮᠵᠢ ᠶᠢᠨ ᠮᠥᠩᠬᠦ ᠶᠢᠨ ᠪᠠᠷᠢᠮᠵᠢᠶ᠎ᠠ ᠶᠢ ᠴᠠᠭ ᠲᠤᠨᠢ ᠳᠣᠬᠢᠷᠠᠭᠤᠯᠣᠨ ᠨᠡᠮᠡᠭᠳᠡᠬᠦᠯᠣᠨ᠎ᠠ᠃ ᠳᠣᠯᠤᠭ᠎ᠠ ᠳᠤ 20 ᠥᠨᠳᠣᠷ ᠪᠠᠷᠢᠮᠵᠢᠶᠠᠳᠣ ᠰᠢᠶᠠᠩ ᠪᠠᠯᠭᠠᠰᠣᠨ ᠤ ᠰᠣᠶᠣᠯ ᠤᠨ ᠥᠷᠳᠡᠭᠡ᠂ 12 ᠨᠡᠶᠢᠬᠡᠮ ᠳᠣᠭᠤᠷᠢᠭ ᠤᠨ ᠣᠯᠠᠨ ᠥᠢᠯᠡᠳᠣᠯ ᠴᠢᠳᠠᠪᠬᠢᠳᠣ ᠰᠣᠶᠣᠯ ᠤᠨ ᠳᠥᠪ᠂ 20 ᠣᠨᠴᠠᠯᠢᠭᠳᠣ ᠮᠥᠵᠠᠢ ᠶᠢ ᠰᠢᠨ᠎ᠠ ᠪᠠᠷ ᠪᠤᠶᠤ ᠥᠷᠬᠡᠳᠬᠡᠨ ᠪᠠᠶᠢᠭᠤᠯᠣᠨ᠎ᠠ᠃ ᠨᠠᠢᠮᠠ ᠳᠤ ᠮᠠᠯᠵᠢᠬᠤ ᠳᠠᠷᠢᠶᠠᠯᠠᠬᠤ ᠣᠷᠣᠨ ᠤ ᠡᠷᠣᠬᠡ ᠶᠢᠨ ᠬᠡᠷᠡᠭᠯᠡᠬᠦ ᠨᠠᠮᠤᠭ ᠤᠨ ᠬᠡᠢ ᠶᠢᠨ ᠳᠠᠳᠠᠭᠠᠯ ᠢ 2.3 ᠳᠥᠮᠠᠨ ᠰᠠᠭᠤᠷᠢ ᠰᠢᠨ᠎ᠠ ᠪᠠᠷ ᠪᠠᠶᠢᠭᠤᠯᠵᠥ᠂ 8 ᠳᠥᠮᠠᠨ ᠮᠠᠯᠴᠢᠨ ᠳᠠᠷᠢᠶᠠᠴᠢᠨ ᠳᠤ ᠠᠰᠢᠭ ᠬᠥᠷᠳᠡᠬᠡᠨ᠎ᠡ᠃ ᠶᠢᠰᠣ ᠳᠤ ᠨᠠᠰᠣᠳᠠᠨ ᠠᠰᠠᠷᠠᠬᠤ ᠬᠥᠷᠢᠶᠠᠯᠠᠩ ᠢ 11 ᠥᠬᠡᠷᠡᠴᠢᠯᠠᠨ ᠥᠷᠬᠡᠳᠬᠡᠨ ᠪᠠᠶᠢᠭᠤᠯᠵᠥ᠂ ᠳᠥᠪᠯᠡᠷᠡᠬᠦᠯᠥᠨ ᠠᠰᠠᠷᠠᠬᠤ ᠨᠣᠷᠮ᠎ᠠ ᠶᠢ 42%᠎ ᠲᠤ ᠬᠥᠷᠬᠡᠨ᠎ᠡ᠃ ᠠᠷᠪᠠ ᠳᠤ 10 ᠰᠣᠮᠣ ᠰᠢᠶᠠᠩ ᠪᠠᠯᠭᠠᠰᠣ᠂ 20 ᠨᠠᠶᠢᠬᠡᠮ ᠳᠣᠭᠤᠷᠢᠭ ᠲᠤ ᠪᠥᠬᠦ ᠠᠷᠠᠳ ᠤᠨ ᠪᠠᠶ᠎ᠠ  ᠴᠢᠬᠢᠷᠠᠭᠵᠢᠭᠤᠯᠬᠤ ᠵᠢᠱᠢᠶ᠎ᠠ ᠥᠵᠡᠬᠦᠯᠬᠦ‍ ᠴᠢᠭ ᠢ ᠪᠠᠶᠢᠭᠤᠯᠣᠨ᠎ᠠ᠃     ︵ᠨᠠᠢᠮᠠ︶ ᠠᠷᠠᠳᠴᠢᠯᠠᠯ ᠬᠠᠤᠯᠢ ᠳᠥᠷᠢᠮ ᠪᠠ ᠣᠶᠣᠨ ᠤ ᠪᠤᠯᠪᠠᠰᠣᠨ ᠤ ᠪᠠᠶᠢᠭᠤᠯᠣᠯᠳᠠ ᠶᠢ ᠪᠥᠬᠦ ᠳᠠᠯ᠎ᠠ ᠪᠠᠷ ᠴᠢᠩᠭᠠᠳᠬᠠᠵᠥ᠂ ᠨᠠᠶᠢᠬᠡᠮ ᠤᠨ ᠭᠤᠤᠯᠴᠢ ᠰᠢᠳᠣᠷᠭᠤ ᠶᠢ ᠠᠬᠢᠭᠤᠯᠣᠨ᠎ᠠ᠃ ᠰᠠᠨᠠᠭᠠᠴᠢᠯᠠᠭ᠎ᠠ ᠠᠴᠠ ᠪᠠᠨ ᠠᠷᠠᠳ ᠤᠨ ᠳᠥᠯᠥᠬᠡᠯᠡᠭᠴᠢᠳ  ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠳᠤ ᠠᠵᠢᠯ ᠢᠶᠠᠨ ᠮᠡᠳᠡᠬᠦᠯᠵᠥ᠂ ᠠᠷᠠᠳ ᠤᠨ ᠳᠥᠯᠥᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ ᠠᠷᠠᠳ ᠤᠨ ᠳᠥᠯᠥᠬᠡᠯᠡᠭᠴᠢᠳ ᠤᠨ ᠬᠢᠨᠠᠯᠳᠠ ᠶᠢ ᠬᠠᠤᠯᠢ ᠶᠤᠰᠤᠭᠠᠷ ᠬᠥᠯᠢᠶᠠᠨ᠎ᠠ᠃ ᠠᠷᠠᠳ ᠤᠨ ᠣᠯᠣᠰ ᠳᠥᠷᠣ ᠶᠢᠨ ᠵᠥᠪᠯᠡᠯᠬᠡᠨ᠂ ᠡᠯ᠎ᠠ ᠠᠷᠠᠳᠴᠢᠯᠠᠭᠰᠠᠨ ᠨᠠᠮ ᠪᠥᠯᠥᠭ᠂ ᠠᠷᠠᠳ ᠤᠨ ᠪᠥᠯᠬᠦᠮ ᠤᠨ ᠬᠢᠨ ᠤ ᠣᠯᠣᠰ ᠳᠥᠷᠣ ᠶᠢᠨ ᠵᠥᠪᠯᠡᠯᠬᠡ ᠬᠢᠬᠦ᠂ ᠳᠥᠷᠣ ᠶᠢᠨ ᠶᠠᠪᠤᠳᠠᠯ ᠳᠤ ᠣᠷᠣᠯᠴᠠᠨ ᠳᠥᠷᠣ ᠶᠢᠨ ᠶᠠᠪᠤᠳᠠᠯ ᠢ ᠵᠥᠪᠯᠡᠬᠦ ᠪᠠ ᠠᠷᠠᠳᠴᠢᠯᠠᠯ ᠢᠶᠠᠷ ᠬᠢᠨᠠᠯᠳᠠ ᠳᠠᠯᠪᠢᠬᠤ ᠳᠠᠬᠢ  ᠢᠳᠡᠪᠬᠢ ᠥᠢᠯᠡᠳᠣᠯ ᠢ ᠬᠥᠢᠴᠡᠳ ᠪᠠᠳᠠᠷᠠᠭᠤᠯᠣᠨ᠎ᠠ᠃ ᠬᠠᠤᠯᠢ ᠳᠥᠬᠡᠮᠡᠯᠵᠢᠬᠦᠯᠬᠦ ᠰᠣᠷᠭᠠᠨ ᠬᠥᠮᠣᠵᠢᠯ ᠢ ᠢᠳᠡᠪᠬᠢᠳᠡᠢ ᠠᠬᠢᠭᠤᠯᠵᠥ᠂ ᠪᠥᠬᠦ ᠠᠷᠠᠳ ᠤᠨ ᠬᠠᠤᠯᠢ ᠴᠠᠭᠠᠵᠠ ᠶᠢᠨ ᠬᠡᠪ ᠴᠢᠨᠠᠷ ᠢ ᠳᠡᠬᠡᠭᠰᠢᠯᠡᠬᠦᠯᠥᠨ᠎ᠠ᠃ ᠥᠨᠳᠣᠰᠣᠨ ᠱᠠᠳᠣᠨ ᠤ ᠠᠷᠠᠳᠴᠢᠯᠠᠯ ᠢ ᠴᠢᠷᠮᠠᠶᠢᠨ ᠥᠷᠬᠡᠳᠬᠡᠵᠥ᠂ ᠵᠠᠰᠠᠭ ᠤᠨ ᠶᠠᠪᠤᠳᠠᠯ ᠢ ᠢᠯᠠ ᠪᠠᠶᠢᠯᠭᠠᠬᠤ᠂ ᠳᠣᠰᠬᠤᠨ ᠤ ᠶᠠᠪᠤᠳᠠᠯ ᠢ ᠢᠯᠠ ᠪᠠᠶᠢᠯᠭᠠᠬᠤ ᠪᠠ ᠥᠢᠯᠡᠳᠪᠤᠷᠢ ᠶᠢᠨ ᠶᠠᠪᠤᠳᠠᠯ ᠢ ᠢᠯᠠ ᠪᠠᠶᠢᠯᠭᠠᠬᠤ ᠬᠥᠷᠢᠶ᠎ᠠ ᠬᠡᠪᠴᠢᠶ᠎ᠠ ᠪᠠ ᠠᠭᠤᠯᠭ᠎ᠠ ᠶᠢ ᠥᠷᠬᠡᠳᠬᠡᠨ᠂ ᠠᠷᠠᠳᠴᠢᠯᠠᠭᠰᠠᠨ ᠬᠠᠮᠢᠶᠠᠷᠣᠯᠳᠠ ᠶᠢ ᠳᠡᠬᠦᠯᠳᠡᠷᠵᠢᠬᠦᠯᠵᠥ᠂ ᠠᠷᠠᠳ ᠳᠥᠮᠠᠨ  ᠤ ᠡᠷᠬᠡ ᠠᠰᠢᠭ ᠢ ᠪᠠᠳᠣᠯᠠᠨ᠎ᠠ᠃ ᠰᠢᠨ᠎ᠠ ᠪᠠᠶᠢᠳᠠᠯ ᠤᠨ ᠳᠣᠣᠷᠠᠬᠢ ᠥᠨᠳᠣᠰᠣᠳᠠᠨ ᠱᠠᠰᠢᠨ ᠰᠣᠷᠳᠠᠬᠤᠨ ᠤ ᠠᠵᠢᠯ ᠢ ᠰᠠᠶᠢᠳᠣᠷ ᠬᠢᠵᠥ᠂ ᠥᠨᠳᠣᠰᠣᠳᠠᠨ ᠨᠦᠭᠦᠳ ᠬᠠᠮᠳᠣ ᠪᠠᠷ ᠪᠥᠯᠬᠦᠮᠳᠠᠨ ᠲᠡᠮᠡᠴᠠᠵᠤ ᠬᠠᠮᠳᠣ ᠪᠠᠷ ᠥᠷᠨᠢᠨ ᠬᠥᠭᠵᠢᠬᠦ ᠶᠢ ᠪᠠᠶᠠᠯᠠᠬᠦᠯᠥᠨ᠎ᠠ᠃ ᠨᠠᠰᠣᠳᠠᠶᠢᠴᠣᠳ ᠪᠤᠯᠤᠨ ᠬᠤᠶᠢᠴᠢ ᠥᠶ᠎ᠠ ᠪᠠᠨ  ᠬᠠᠷᠠᠭᠠᠯᠵᠠᠵᠤ᠂ ᠣᠯᠠᠭᠠᠨ ᠵᠠᠭᠠᠯᠮᠠᠶᠢᠳᠠᠨ ᠪᠠ ᠨᠡᠶᠢᠬᠡᠮ ᠤᠨ ᠨᠢᠬᠦᠯᠡᠰᠣᠩᠬᠦᠢ ᠥᠢᠯᠡᠰ ᠢ ᠶᠡᠬᠡᠪᠡᠷ ᠬᠥᠭᠵᠢᠬᠦᠯᠥᠨ᠂ ᠡᠮᠡᠭᠳᠡᠶᠢᠴᠣᠳ ᠬᠡᠤᠬᠡᠳ ᠤᠨ ᠥᠢᠯᠡᠰ ᠢ ᠠᠬᠢᠭᠤᠯᠵᠥ᠂ ᠵᠡᠮᠳᠡᠭᠴᠣᠳ ᠤᠨ ᠠᠮᠢᠳᠣᠷᠠᠯ ᠢ ᠬᠠᠷᠠᠭᠠᠯᠵᠠᠨ᠎ᠠ᠃ ᠣᠯᠣᠰ ᠤᠨ ᠪᠠᠳᠣᠯᠠᠨ ᠬᠠᠮᠠᠭᠠᠯᠠᠯᠳᠠ᠂ ᠠᠷᠠᠳ ᠤᠨ ᠠᠭᠠᠷ ᠤᠨ ᠰᠡᠷᠬᠡᠶᠢᠯᠡᠯᠳᠡ ᠪᠠ ᠴᠡᠷᠢᠭ ᠠᠩᠬᠢ ᠶᠢᠨ ᠣᠳᠣᠬᠢᠴᠢᠯᠠᠯᠳᠠ ᠶᠢᠨ ᠪᠥᠳᠣᠬᠡᠨ ᠪᠠᠶᠢᠭᠤᠯᠣᠯᠳᠠ ᠶᠢ ᠯᠠᠪᠳᠠᠭᠤᠨ ᠢᠶᠠᠷ ᠠᠬᠢᠭᠤᠯᠣᠨ᠂ ᠬᠤᠶᠠᠷ ᠢ ᠬᠥᠷᠢᠶᠠᠯᠠᠬᠦ ᠠᠵᠢᠯ ᠢ ᠰᠠᠶᠢᠳᠣᠷ ᠬᠢᠵᠥ᠂ ᠴᠡᠷᠢᠭ ᠵᠠᠰᠠᠭ ᠬᠢᠬᠡᠳ ᠴᠡᠷᠢᠭ ᠠᠷᠠᠳ ᠤᠨ ᠪᠥᠯᠬᠦᠮᠳᠠᠯ ᠢ ᠳᠠᠰᠣᠷᠠᠯᠳᠠ ᠥᠬᠡᠢ ᠪᠠᠬᠢᠵᠢᠬᠦᠯᠥᠨ᠎ᠠ᠃ ᠠᠮᠣᠭᠤᠯᠠᠩ ᠣᠷᠳᠣᠰ ᠤᠨ ᠪᠥᠳᠣᠬᠡᠨ ᠪᠠᠶᠢᠭᠤᠯᠣᠯᠳᠠ ᠶᠢ ᠬᠥᠨᠵᠡᠬᠡᠢ ᠠᠬᠢᠭᠤᠯᠣᠨ᠂ ᠠᠶᠤᠯᠬᠦᠢ ᠥᠢᠯᠡᠳᠪᠤᠷᠢᠯᠠᠯ ᠤᠨ ᠠᠵᠢᠯ ᠢ ᠴᠢᠩᠭᠠᠳᠬᠠᠵᠥ᠂ ᠨᠡᠬᠦᠷᠡᠰᠣᠨ ᠠᠭᠤᠷᠬᠠᠢ᠂ ᠵᠠᠮ ᠬᠠᠷᠢᠯᠴᠠᠭ᠎ᠠ᠂ ᠬᠢᠮᠢ ᠶᠢᠨ ᠠᠵᠥ ᠥᠢᠯᠡᠳᠪᠤᠷᠢ ᠵᠡᠷᠬᠡ ᠠᠶᠤᠯ ᠳᠥᠭᠰᠢᠬᠦᠷᠢᠳᠣ ᠠᠵᠢᠯ ᠳᠥᠷᠣᠯ ᠳᠠᠬᠢ ᠠᠶᠤᠯᠬᠦᠢ ᠶᠢᠨ ᠬᠢᠨᠠᠯᠳᠠ ᠬᠠᠮᠢᠶᠠᠷᠣᠯᠳᠠ ᠶᠢ ᠴᠢᠩᠭᠠᠷᠠᠭᠤᠯᠣᠨ ᠂ 5 ᠭᠤᠤᠯᠳᠠᠯᠭ᠎ᠠ ᠲᠠᠢ ᠬᠢᠮᠢ ᠶᠢᠨ ᠠᠵᠥ ᠥᠢᠯᠡᠳᠪᠤᠷᠢ ᠶᠢᠨ ᠬᠥᠷᠢᠶᠠᠯᠠᠩ ᠳᠣᠭᠤᠷᠢᠭ ᠲᠤ ᠭᠠᠯ ᠣᠨᠳᠠᠷᠠᠭᠠᠬᠤ ᠥᠷᠳᠡᠭᠡ ᠪᠠᠶᠢᠭᠤᠯᠵᠥ᠂ ᠣᠨᠴᠠ ᠬᠥᠨᠳᠣ ᠶᠡᠭᠡ ᠠᠶᠤᠯᠬᠦᠢ ᠥᠢᠯᠡᠳᠪᠤᠷᠢᠯᠠᠯ ᠤᠨ ᠠᠳᠠᠯ ᠭᠠᠷᠬᠤ ᠶᠢ ᠰᠠᠷᠬᠡᠶᠢᠯᠠᠨ᠂ ᠪᠥᠬᠦ ᠣᠯᠣᠰ ᠤᠨ ᠬᠠᠮᠤᠭ ᠠᠮᠤᠷ ᠳᠥᠪᠰᠢᠨ ᠬᠤᠳᠠ ᠶᠢᠨ ᠪᠥᠳᠣᠬᠡᠨ ᠪᠠᠶᠢᠭᠤᠯᠣᠯᠳᠠ ᠶᠢᠨ ᠬᠢᠷᠢ ᠬᠡᠮᠵᠢᠶ᠎ᠠ ᠶᠢ ᠪᠠᠬᠢᠵᠢᠬᠦᠯᠥᠨ ᠳᠡᠬᠡᠭᠰᠢᠯᠡᠬᠦᠯᠥᠨ᠎ᠠ᠃ ᠵᠠᠬᠢᠳᠠᠯ ᠰᠣᠷᠪᠤᠯᠵᠢᠯᠠᠭ᠎ᠠ  ᠶᠢᠨ ᠠᠵᠢᠯ ᠢ ᠳᠡᠬᠡᠳᠣ ᠬᠡᠮᠵᠢᠶ᠎ᠠ ᠪᠠᠷ ᠴᠢᠬᠤᠯᠠᠴᠢᠯᠠᠵᠥ᠂ ᠬᠤᠰᠢᠭᠤ ᠳᠣᠭᠤᠷᠢᠭ ᠤᠨ ᠨᠠᠮ ᠤᠨ ᠬᠤᠷᠢᠶᠠᠨ ᠤ ᠱᠥᠵᠢ  ᠵᠠᠬᠢᠳᠠᠯ ᠰᠣᠷᠪᠤᠯᠵᠢᠯᠠᠭ᠎ᠠ  ᠶᠢ ᠶᠡᠬᠡᠪᠡᠷ ᠬᠥᠯᠢᠶᠠᠨ ᠠᠪᠬᠤ ᠠᠵᠢᠯᠯᠠᠭ᠎ᠠ ᠶᠢ ᠬᠥᠨᠵᠡᠬᠡᠶᠢᠷᠡᠬᠦᠯᠥᠨ᠂ ᠠᠷᠠᠳ ᠣᠯᠠᠨ ᠤ ᠠᠩᠬᠠᠷᠴᠣ ᠪᠠᠶᠢᠭ᠎ᠠ ᠬᠠᠯᠠᠭᠤᠷᠠᠯ ᠲᠠᠢ᠂ ᠬᠥᠴᠢᠷᠳᠡᠯᠳᠡᠢ ᠠᠰᠠᠭᠤᠳᠠᠯ  ᠤᠳ ᠢ ᠴᠠᠭ ᠳᠠᠷᠣᠢ ᠳᠤᠨᠢ ᠰᠢᠢᠳᠪᠤᠷᠢᠯᠠᠵᠥ᠂ ᠨᠡᠶᠢᠬᠡᠮ ᠤᠨ ᠵᠥᠷᠢᠴᠡᠯ ᠢ ᠪᠥᠳᠣᠮᠵᠢᠳᠠᠢ ᠪᠠᠷ ᠡᠶᠡᠳᠡᠬᠦᠯᠥᠨ ᠨᠡᠮᠳᠡᠭᠤᠯᠣᠨ᠎ᠠ᠃ ᠣᠯᠠᠨ ᠨᠠᠶᠢᠳᠠ ᠶᠢᠨ ᠬᠡᠨᠡᠳᠳᠡ ᠶᠢᠨ ᠬᠡᠷᠡᠭ ᠢ ᠪᠠᠴᠢᠮ ᠠᠷᠭᠠᠴᠠᠬᠤ ᠳᠣᠭᠳᠠᠴᠠ ᠶᠢ ᠳᠡᠬᠦᠯᠳᠡᠷᠵᠢᠬᠦᠯᠣᠨ᠂ ᠬᠡᠨᠡᠳᠳᠡ ᠶᠢᠨ ᠬᠡᠷᠡᠭ ᠪᠠ ᠣᠯᠠᠨ ᠳᠥᠮᠠᠨᠴᠢ ᠴᠢᠨᠠᠷᠳᠠᠢ ᠬᠡᠷᠡᠭ ᠢ ᠪᠠᠴᠢᠮ ᠠᠷᠭᠠᠴᠠᠬᠤ ᠴᠢᠳᠠᠪᠤᠷᠢ ᠶᠢ ᠳᠡᠬᠡᠭᠰᠢᠯᠡᠬᠦᠯᠥᠨ᠎ᠠ᠃ ᠨᠠᠶᠢᠬᠡᠮ ᠤᠨ ᠠᠮᠣᠷ ᠳᠥᠪᠰᠢᠨ ᠢ ᠰᠠᠷᠬᠡᠶᠢᠯᠠᠨ ᠬᠢᠵᠠᠭᠠᠷᠯᠠᠬᠤ ᠰᠢᠰᠲ᠋ᠧᠮᠵᠢ ᠶᠢᠨ ᠪᠥᠳᠣᠬᠡᠨ ᠪᠠᠶᠢᠭᠤᠯᠣᠯᠳᠠ ᠶᠢ ᠴᠢᠩᠭᠠᠷᠠᠭᠤᠯᠣᠨ᠂ ᠡᠯ᠎ᠠ ᠳᠥᠷᠣᠯ ᠤᠨ ᠡᠷᠡᠬᠦᠣ ᠶᠢᠨ ᠬᠡᠷᠡᠭ ᠤᠨ ᠶᠠᠯᠠᠳᠣ ᠠᠵᠢᠯᠯᠠᠭ᠎ᠠ ᠳᠤ ᠬᠥᠴᠣᠳᠠᠢ ᠴᠣᠬᠢᠯᠳᠠ ᠥᠭᠴᠣ᠂ ᠠᠷᠠᠳ ᠣᠯᠠᠨ ᠤ ᠠᠶᠤᠯᠬᠦᠢ ᠶᠢᠨ ᠰᠡᠳᠬᠢᠭᠳᠡᠯ  ᠢ ᠴᠢᠩᠭᠠᠷᠠᠭᠤᠯᠣᠨ᠎ᠠ᠃      ᠳᠣᠮᠳᠠᠳᠣ ᠣᠯᠣᠰ ᠤᠨ ᠣᠨᠴᠠᠯᠢᠭ ᠪᠥᠬᠦᠢ ᠨᠡᠶᠢᠬᠡᠮ ᠵᠢᠷᠣᠮ ᠤᠨ ᠬᠠᠮᠳᠣ ᠶᠢᠨ ᠬᠥᠰᠡᠯ ᠵᠤᠷᠢᠯᠳᠠ ᠲᠠᠢ ᠨᠢᠭᠳᠠᠷᠠᠯ ᠤᠨ ᠬᠥᠴᠣᠨ ᠢ ᠪᠠᠷᠢᠮᠳᠠᠯᠠᠨ᠂ ᠣᠯᠣᠰ ᠎ ᠢᠶᠠᠨ ᠬᠠᠶᠢᠷᠠᠯᠠᠬᠤ ᠥᠵᠡᠯ ᠢᠶᠠᠷ   ᠭᠤᠤᠯᠯᠠᠭᠰᠠᠨ ᠥᠨᠳᠣᠰᠣᠳᠠᠨ ᠤ ᠵᠤᠷᠢᠭ ᠰᠠᠨᠠᠭ᠎ᠠ ᠪᠠ ᠥᠬᠡᠷᠡᠴᠢᠯᠠᠯᠳᠠ ᠬᠢᠵᠤ ᠰᠢᠨ᠎ᠠ ᠶᠢ ᠡᠬᠦᠳᠬᠦ ᠪᠠᠷ ᠭᠤᠤᠯᠯᠠᠭᠰᠠᠨ ᠴᠠᠭ ᠥᠶ᠎ᠠ ᠶᠢᠨ ᠵᠤᠷᠢᠭ ᠰᠠᠨᠠᠭ᠎ᠠ ᠪᠠᠷ ᠳᠠᠮᠠᠴᠠᠯ ᠤᠨ ᠵᠤᠷᠢᠭ ᠢᠶᠠᠨ ᠬᠥᠪᠴᠢᠯᠠᠨ᠂ ᠨᠠᠶᠢᠬᠡᠮ ᠵᠢᠷᠣᠮ ᠤᠨ ᠠᠯᠳᠠᠷ ᠭᠤᠳᠣᠮᠰᠢᠭ  ᠤᠨ ᠥᠵᠡᠯᠳᠡ ᠪᠠᠷ ᠰᠠᠶᠢᠨ ᠰᠠᠶᠢᠬᠠᠨ ᠬᠡᠪ ᠰᠣᠷᠳᠠᠯ  ᠢ ᠪᠤᠢ ᠪᠤᠯᠭᠠᠨ᠎ᠠ᠃ ᠰᠣᠨᠢᠨ ᠮᠡᠳᠡᠭᠡ ᠬᠡᠪᠯᠡᠯ ᠪᠠ ᠨᠠᠶᠢᠬᠡᠮ ᠤᠨ ᠰᠢᠨᠵᠢᠯᠡᠬᠦ ᠣᠬᠠᠭᠠᠨ ᠤ ᠠᠵᠢᠯ ᠢ ᠴᠢᠩᠭᠠᠳᠬᠠᠵᠥ᠂ ᠵᠥᠪ ᠣᠨᠣᠪᠴᠢᠳᠣ ᠶᠠᠷᠢᠶ᠎ᠠ ᠬᠡᠯᠡᠯᠴᠡᠭᠡ ᠪᠠᠷ ᠬᠥᠮᠣᠰ ᠢ ᠵᠢᠯᠣᠭᠤᠳᠣᠨ᠎ᠠ᠃ ᠡᠶ᠎ᠡ ᠵᠤᠬᠢᠴᠠᠯ ᠲᠠᠢ ᠠᠵᠥ ᠠᠬᠤᠶᠢᠯᠠᠯ᠂ ᠡᠶ᠎ᠡ ᠵᠤᠬᠢᠴᠠᠯ ᠲᠠᠢ ᠨᠢᠬᠡᠴᠡ᠂ ᠡᠶ᠎ᠡ ᠵᠤᠬᠢᠴᠠᠯ ᠲᠠᠢ ᠬᠡᠷ ᠪᠥᠯᠢ ᠵᠡᠷᠬᠡ ᠣᠯᠠᠨ ᠳᠥᠮᠠᠨᠴᠢ ᠴᠢᠨᠠᠷᠳᠠᠢ ᠣᠶᠣᠨ ᠤ ᠪᠤᠯᠪᠠᠰᠣᠨ ᠤ ᠡᠬᠦᠳᠣᠯᠳᠠ ᠶᠢᠨ ᠠᠵᠢᠯᠯᠠᠭ᠎ᠠ ᠶᠢ ᠢᠳᠡᠪᠬᠢᠳᠡᠢ ᠥᠷᠨᠢᠬᠦᠯᠵᠥ᠂ ᠡᠷᠡᠬᠦᠯ ᠪᠤᠯᠪᠠᠰᠣᠨ ᠠᠮᠢᠳᠣᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ ᠰᠠᠳᠣᠵᠥ᠂ 2011 ᠣᠨ ᠳᠤ ᠪᠥᠬᠦ ᠣᠯᠣᠰ ᠤᠨ ᠪᠤᠯᠪᠠᠰᠣᠨ ᠬᠤᠳᠠ ᠪᠤᠯᠬᠤ ᠪᠠᠷ ᠴᠢᠷᠮᠠᠶᠢᠵᠥ᠂ ᠨᠡᠶᠢᠬᠡᠮ ᠤᠨ ᠰᠣᠶᠣᠯ ᠤᠨ ᠠᠮᠢᠳᠣᠷᠠᠯ ᠢ ᠨᠠᠩ ᠡᠯᠪᠡᠭ ᠪᠠᠶᠠᠯᠢᠭ ᠣᠯᠠᠨ ᠶᠠᠩᠵᠥ ᠶᠢᠨ ᠪᠤᠯᠭᠠᠵᠥ᠂ ᠠᠷᠠᠳ ᠣᠯᠠᠨ ᠤ ᠤᠮᠤᠭ ᠵᠤᠷᠢᠭ ᠢ ᠨᠠᠩ ᠪᠠᠳᠠᠷᠠᠩᠭᠤᠢ ᠪᠤᠯᠭᠠᠨ᠎ᠠ᠃      ︵ᠶᠢᠰᠣ︶ ᠵᠠᠰᠠᠭ ᠤᠨ ᠣᠷᠳᠣᠨ ᠤ ᠳᠣᠰ ᠪᠠᠶ᠎ᠠ ᠶᠢᠨ ᠪᠥᠳᠣᠬᠡᠨ ᠪᠠᠶᠢᠭᠤᠯᠣᠯᠳᠠ ᠶᠢ ᠥᠨᠡᠨᠬᠦ ᠴᠢᠩᠭᠠᠳᠬᠠᠵᠥ᠂ ᠵᠠᠰᠠᠭ ᠤᠨ ᠣᠷᠳᠣᠨ ᠤ ᠬᠥᠢᠴᠡᠳᠬᠡᠬᠦ ᠴᠢᠳᠠᠪᠤᠷᠢ ᠪᠠ ᠨᠠᠶᠢᠳᠠ ᠳᠤ ᠢᠳᠡᠬᠡᠭᠳᠡᠬᠦ ᠬᠥᠴᠣᠨ ᠢ ᠴᠢᠷᠮᠠᠶᠢᠨ ᠳᠡᠬᠡᠭᠰᠢᠯᠡᠬᠦᠯᠥᠨ᠎ᠠ᠃ ︽ᠪᠥᠳᠣᠴᠠ ᠶᠢᠨ ᠬᠡᠯᠪᠡᠷᠢ ᠶᠢ ᠬᠤᠪᠢᠷᠠᠭᠤᠯᠵᠥ᠂ ᠰᠢᠨ᠎ᠠ ᠶᠢ ᠡᠬᠦᠳᠣᠨ ᠬᠤᠳᠠ ᠪᠠᠨ ᠬᠥᠴᠣᠷᠬᠡᠭᠵᠢᠬᠦᠯᠬᠦ︾ ᠪᠠᠶᠢᠯᠳᠣᠬᠤ ᠪᠤᠳᠣᠯᠭ᠎ᠠ ᠶᠢ ᠬᠡᠷᠡᠭᠵᠢᠬᠦᠯᠵᠥ᠂ ᠡᠨᠡ ᠵᠢᠯ ᠤᠨ ᠡᠯ᠎ᠠ ᠳᠥᠷᠣᠯ ᠤᠨ ᠬᠠᠷᠠᠯᠳᠠᠳᠣ ᠡᠬᠦᠷᠬᠡ ᠪᠠᠨ ᠪᠠᠶᠠᠯᠠᠬᠦᠯᠬᠦ ᠳᠤ᠂ ᠪᠥᠬᠦ ᠬᠤᠳᠠ ᠶᠢᠨ ᠬᠠᠮᠳᠣ ᠶᠢᠨ ᠴᠢᠷᠮᠠᠶᠢᠯᠭ᠎ᠠ ᠬᠡᠷᠡᠭᠴᠡᠭᠡ ᠲᠠᠢ ᠮᠥᠷᠳᠡᠬᠡᠨ ᠨᠠᠩ ᠴᠣ᠋ ᠡᠯ᠎ᠠ ᠱᠠᠳᠣᠨ ᠤ ᠵᠠᠰᠠᠭ ᠤᠨ ᠣᠷᠳᠣᠨ ᠤ ᠢᠳᠡᠪᠬᠢᠳᠡᠢ ᠠᠵᠢᠯᠯᠠᠭ᠎ᠠ ᠬᠡᠷᠡᠭᠴᠡᠭᠡ ᠲᠠᠢ ᠶᠤᠮ᠃      ᠪᠢᠳᠠ ᠥᠷᠬᠦᠯᠵᠢᠯᠠᠨ ᠥᠵᠡᠯ ᠰᠠᠨᠠᠭ᠎ᠠ ᠪᠠᠨ ᠴᠢᠯᠣᠬᠡᠯᠡᠨ᠂ ᠥᠬᠡᠷᠡᠴᠢᠯᠠᠯᠳᠠ ᠬᠢᠵᠥ ᠰᠢᠨ᠎ᠠ ᠶᠢ ᠡᠬᠦᠳᠬᠦ ᠬᠡᠷᠡᠭᠳᠡᠢ᠃ ᠰᠢᠨᠵᠢᠯᠡᠬᠦ ᠣᠬᠠᠭᠠᠨᠴᠢ ᠬᠥᠭᠵᠢᠯᠳᠡ ᠶᠢᠨ ᠥᠵᠡᠯᠳᠡ ᠶᠢ ᠰᠣᠷᠣᠯᠴᠠᠨ ᠥᠢᠯᠡᠳᠣᠯᠬᠡᠵᠢᠬᠦᠯᠬᠦ ᠠᠵᠢᠯᠯᠠᠭ᠎ᠠ ᠶᠢ ᠨᠠᠷᠢᠨ ᠬᠢᠨᠠᠮᠠᠭᠠᠢ ᠥᠷᠨᠢᠬᠦᠯᠵᠥ᠂ ᠪᠥᠬᠦ ᠬᠤᠳᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠰᠢᠨᠵᠢᠯᠡᠬᠦ ᠣᠬᠠᠭᠠᠨᠴᠢ ᠪᠠᠷ ᠬᠥᠭᠵᠢᠬᠦᠯᠬᠦ ᠪᠠ ᠰᠢᠨ᠎ᠠ ᠶᠢ ᠡᠬᠦᠳᠣᠨ ᠬᠥᠭᠵᠢᠬᠦᠯᠬᠦ ᠴᠢᠳᠠᠪᠤᠷᠢ ᠶᠢ ᠳᠡᠬᠡᠭᠰᠢᠯᠡᠬᠦᠯᠥᠨ᠎ᠠ᠃ ᠣᠯᠠᠨ ᠣᠯᠣᠰ ᠤᠨ ᠮᠥᠩᠬᠦᠨ ᠬᠥᠢᠯᠬᠡᠬᠡᠨ ᠤ ᠬᠢᠮᠣᠷᠠᠯ  ᠤᠨ ᠮᠠᠨ ᠤ ᠬᠤᠳᠠ ᠳᠤ ᠥᠵᠡᠬᠦᠯᠬᠦ ᠨᠥᠯᠣᠬᠡ ᠶᠢ ᠨᠠᠷᠢᠨ ᠠᠩᠬᠠᠷᠴᠣ᠂ ᠣᠳᠣᠬᠠᠨ ᠳᠤ ᠳᠣᠯᠭᠠᠷᠠᠵᠥ ᠪᠠᠶᠢᠭ᠎ᠠ ᠬᠥᠴᠢᠷᠳᠠᠯ ᠢ ᠢᠳᠡᠪᠬᠢᠳᠡᠢ ᠰᠢᠢᠳᠪᠤᠷᠢᠯᠠᠨ᠂ ᠠᠵᠥ ᠠᠬᠤᠢ ᠶᠢᠨ ᠳᠣᠭᠳᠠᠭᠤᠨ ᠮᠥᠷᠳᠡᠬᠡᠨ ᠳᠥᠷᠬᠡᠨ ᠨᠡᠮᠡᠭᠳᠡᠬᠦ ᠶᠢ ᠪᠥᠬᠦ ᠬᠥᠴᠣᠨ ᠢᠶᠠᠷ ᠢᠶᠠᠨ ᠪᠠᠳᠣᠯᠠᠬᠤ ᠪᠠᠷ ᠪᠠᠷᠠᠬᠤ ᠥᠬᠡᠢ  ᠪᠠᠰᠨ ᠠᠷᠭ᠎ᠠ ᠪᠥᠬᠦᠨ ᠢ ᠰᠥᠪᠡᠭᠴᠢᠯᠠᠨ ᠣᠷᠣᠨ ᠨᠣᠳᠤᠭ ᠤᠨ ᠬᠥᠭᠵᠢᠯᠳᠠ ᠶᠢ ᠨᠥᠯᠣᠬᠡᠯᠡᠬᠦ ᠪᠠ ᠬᠢᠵᠠᠭᠠᠷᠯᠠᠬᠤ ᠬᠥᠨ ᠳᠠᠰ ᠳᠠᠪᠬᠤᠷᠭᠠᠨ ᠤ ᠠᠰᠠᠭᠤᠳᠠᠯ ᠢ ᠰᠢᠢᠳᠪᠤᠷᠢᠯᠠᠨ᠂ ᠠᠵᠥ ᠠᠬᠤᠢ ᠶᠢ ᠨᠠᠩ ᠣᠷᠳᠣ ᠬᠤᠭᠤᠴᠠᠭ᠎ᠠ᠂ ᠨᠠᠩ ᠥᠨᠳᠣᠷ ᠬᠢᠷᠢ ᠬᠡᠮᠵᠢᠶ᠎ᠠ᠂ ᠨᠠᠩ ᠰᠠᠶᠢᠨ ᠶᠠᠰᠣ ᠴᠢᠨᠠᠷ ᠲᠠᠢ ᠪᠠᠷ ᠠᠬᠢᠭᠤᠯᠬᠤ ᠬᠡᠷᠡᠭᠳᠡᠢ᠃ ᠰᠡᠳᠬᠢᠴᠠ ᠪᠠᠨ ᠳᠠᠰᠣᠷᠠᠯᠳᠠ ᠥᠬᠡᠢ ᠰᠢᠨᠡᠳᠬᠡᠨ᠂ ᠬᠤᠷᠸ᠎ᠠ ᠳᠠᠯ᠎ᠠ ᠠᠴᠠ ᠠᠳᠬᠤᠵᠥ᠂ ᠥᠬᠡᠷᠡᠴᠢᠯᠠᠯᠳᠠ ᠶᠢᠨ ᠠᠷᠭ᠎ᠠ ᠂ ᠵᠠᠬ᠎ᠠ ᠳᠡᠯᠬᠡᠬᠦᠷ ᠤᠨ ᠳᠣᠭᠳᠠᠴᠠ  ᠶᠢ ᠬᠡᠷᠡᠭᠯᠡᠨ ᠬᠥᠴᠢᠷ ᠠᠰᠠᠭᠤᠳᠠᠯ ᠢ ᠰᠢᠢᠳᠪᠤᠷᠢᠯᠠᠬᠦ ᠪᠠᠷ ᠪᠠᠷᠠᠬᠤ ᠥᠬᠡᠢ ᠪᠠᠰᠠ ᠠᠵᠢᠯ ᠤᠨ ᠨᠠᠷᠢᠨ ᠣᠴᠢᠷ ᠢ ᠠᠩᠬᠠᠷᠴᠣ᠂ ᠭᠤᠭᠴᠤᠭ᠎ᠠ ᠭᠤᠭᠴᠤᠭ᠎ᠠ ᠪᠠᠷ ᠰᠢᠪᠳᠣᠯᠣᠯᠳᠠ ᠬᠢᠵᠥ᠂ ᠠᠵᠢᠯ ᠤᠨ ᠪᠤᠳᠠᠳᠣ ᠪᠥᠳᠣᠮᠵᠢ ᠭᠠᠷᠭᠠᠬᠤ ᠬᠡᠷᠡᠭᠳᠡᠢ᠃ ᠠᠵᠢᠯ ᠤᠨ ᠥᠷᠬᠦᠯᠵᠢᠯᠡᠬᠦ ᠴᠢᠨᠠᠷ᠂ ᠨᠢᠬᠡᠳᠣᠯᠳᠡᠢ ᠳᠥᠯᠣᠪᠯᠡᠬᠦ ᠴᠢᠨᠠᠷ᠂ ᠵᠤᠬᠢᠴᠠᠭᠤᠯᠬᠤ ᠴᠢᠨᠠᠷ ᠢ ᠨᠠᠩ ᠠᠩᠬᠠᠷᠣᠨ ᠴᠢᠬᠤᠯᠠᠴᠢᠯᠠᠵᠥ᠂ ᠭᠠᠵᠠᠷ ᠣᠷᠣᠨ ᠤ ᠬᠥᠭᠵᠢᠯᠳᠠ ᠶᠢᠨ ᠡᠯ᠎ᠠ ᠭᠤᠭᠴᠤᠭ᠎ᠠ ᠶᠢ ᠰᠢᠨᠵᠢᠯᠡᠬᠦ ᠣᠬᠠᠭᠠᠨᠴᠢ ᠪᠠᠷ ᠵᠤᠯᠭᠠᠭᠤᠯᠵᠥ᠂ ᠨᠠᠩ ᠡᠮᠬᠢ ᠵᠢᠷᠣᠮ ᠲᠠᠢ ᠪᠤᠯᠭᠠᠬᠤ ᠪᠠᠷ ᠴᠢᠷᠮᠠᠶᠢᠵᠥ᠂ ᠰᠢᠨᠵᠢᠯᠡᠬᠦ ᠣᠬᠠᠭᠠᠨᠴᠢ ᠬᠥᠭᠵᠢᠯᠳᠠ ᠶᠢᠨ ᠰᠠᠶᠢᠨ ᠰᠠᠶᠢᠬᠠᠨ ᠳᠣᠭᠳᠠᠴᠠ ᠪᠠ ᠪᠠᠶᠢᠳᠠᠯ ᠢ ᠳᠠᠰᠣᠷᠠᠯᠳᠠ ᠥᠬᠡᠢ ᠪᠤᠢ ᠪᠤᠯᠭᠠᠬᠤ ᠬᠡᠷᠡᠭᠳᠡᠢ᠃      ᠪᠢᠳᠠ ᠣᠯᠠᠨ ᠳᠥᠮᠠᠨ ᠤ ᠪᠤᠳᠣᠭᠰᠠᠨ ᠢ ᠪᠤᠳᠣᠵᠥ᠂ ᠣᠯᠠᠨ ᠳᠥᠮᠠᠨ ᠳᠤ ᠪᠠᠴᠢᠮ ᠰᠢᠢᠳᠪᠤᠷᠢᠯᠠᠵᠥ ᠥᠭᠬᠦ ᠴᠢᠬᠤᠯᠠ ᠲᠠᠢ ᠠᠰᠠᠭᠤᠳᠠᠯ  ᠤᠳ  ᠢ ᠳᠥᠷᠬᠡᠬᠡᠨ ᠰᠢᠢᠳᠪᠤᠷᠢᠯᠠᠨ ᠥᠭᠴᠣ᠂ ᠠᠷᠠᠳ ᠤᠨ ᠠᠮᠢᠳᠣᠷᠠᠯ ᠲᠠᠢ ᠬᠤᠯᠪᠤᠭᠳᠠᠭᠰᠠᠨ 10 ᠪᠤᠳᠠᠳᠣ ᠶᠠᠪᠤᠳᠠᠯ ᠢ ᠰᠠᠶᠢᠳᠣᠷ ᠬᠢᠭᠰᠡᠨ ᠤ ᠰᠠᠭᠤᠷᠢᠨ ᠳᠡᠬᠡᠷ᠎ᠠ᠂ ᠳᠠᠷᠢᠶᠠᠴᠢᠨ ᠡᠷᠣᠬᠡ ᠶᠢᠨ ᠨᠣᠮ ᠤᠨ ᠥᠷᠣᠬᠡ᠂ ᠰᠣᠶᠣᠯ ᠤᠨ ᠳᠣᠮᠣ ᠬᠥᠷᠢᠶᠠᠯᠠᠩ ᠤᠨ ᠪᠥᠳᠣᠬᠡᠨ ᠪᠠᠶᠢᠭᠤᠯᠣᠯᠳᠠ ᠪᠠ ᠬᠥᠳᠡᠭᠡ ᠳᠣᠰᠬᠤᠨ ᠤ ᠣᠰᠣ᠂ ᠵᠣᠷᠯᠥᠩ ᠢ ᠰᠠᠶᠢᠵᠢᠷᠠᠭᠤᠯᠬᠤ ᠠᠵᠢᠯ ᠢ ᠴᠢᠷᠮᠠᠶᠢᠨ ᠠᠬᠢᠭᠤᠯᠵᠥ᠂ ᠭᠤᠤᠯ ᠬᠤᠳᠠ ᠳᠣᠭᠤᠷᠢᠭ ᠤᠨ ᠳᠡᠷᠬᠡ ᠵᠤᠭᠰᠣᠭᠠᠬᠤ ᠳᠤ ᠬᠥᠴᠢᠷ᠂ ᠳᠡᠷᠬᠡᠨ ᠳᠤ ᠰᠠᠭᠤᠬᠤ ᠳᠤ ᠬᠥᠴᠢᠷ ᠪᠠ ᠪᠠᠶ᠎ᠠ ᠶᠢᠨ ᠳᠠᠮᠢᠷ ᠤᠨ ᠠᠵᠢᠯᠯᠠᠭᠠᠨ ᠤ ᠳᠠᠯᠠᠪᠤᠷ ᠭᠠᠵᠠᠷ ᠴᠥᠬᠡᠨ᠂ ᠳᠣᠨᠤᠭ ᠳᠥᠬᠦᠬᠡᠷᠣᠮᠵᠢ ᠴᠥᠬᠡᠨ ᠵᠢᠴᠢ ᠨᠠᠶᠢᠬᠡᠮ ᠳᠣᠭᠤᠷᠢᠭ  ᠤᠨ ᠠᠳᠠᠯ ᠠᠬᠤᠢ  ᠶᠢᠨ ᠬᠠᠮᠢᠶᠠᠷᠣᠯᠳᠠ ᠶᠢᠨ ᠬᠢᠷᠢ ᠬᠡᠮᠵᠢᠶ᠎ᠠ ᠳᠣᠣᠷ᠎ᠠ᠂ ᠥᠢᠯᠡᠳᠣᠯ ᠴᠢᠳᠠᠪᠬᠢ ᠨᠢ ᠳᠠᠩ ᠴᠣᠯᠭᠤᠢ ᠵᠡᠷᠬᠡ ᠠᠰᠠᠭᠤᠳᠠᠯ ᠢ ᠣᠯᠠᠮ ᠨᠢᠬᠡ ᠠᠯᠬᠤᠮ ᠰᠢᠢᠳᠪᠤᠷᠢᠯᠠᠨ᠂ ᠪᠥᠬᠦ ᠰᠡᠳᠬᠢᠯ ᠪᠠᠶᠢᠳᠠᠭ ᠴᠢᠳᠠᠯ ᠢᠶᠠᠷ ᠢᠶᠠᠨ ᠠᠷᠠᠳ ᠣᠯᠠᠨ ᠳᠤ ᠪᠤᠳᠠᠳᠣ  ᠶᠡᠪᠤᠳᠠᠯ ᠬᠢᠵᠥ᠂ ᠠᠵᠠ ᠵᠢᠷᠭᠠᠯ  ᠤᠯᠭᠤᠨ  ᠂ ᠪᠥᠬᠦ ᠬᠤᠳᠠ ᠶᠢᠨ ᠠᠷᠠᠳ ᠳᠥᠮᠠᠨ ᠤ ᠵᠣᠯ ᠵᠢᠷᠭᠠᠯᠳᠣ ᠬᠡᠮᠵᠢᠶ᠎ᠠ ᠶᠢ ᠳᠠᠰᠣᠷᠠᠯᠳᠠ ᠥᠬᠡᠢ ᠳᠡᠬᠡᠭᠰᠢᠯᠠᠬᠦᠯᠥᠨ᠎ᠠ᠃      ᠪᠢᠳᠠ ᠬᠠᠤᠯᠢ ᠶᠤᠰᠣᠭᠠᠷ ᠵᠠᠰᠠᠭ ᠶᠠᠪᠤᠭᠤᠯᠣᠨ᠂ ᠵᠠᠰᠠᠭ ᠢ ᠴᠢᠩᠭ᠎ᠠ ᠵᠠᠰᠠᠵᠥ᠂ ᠬᠠᠤᠯᠢ ᠳᠤ ᠳᠣᠭᠳᠠᠭᠠᠭᠰᠠᠨ ᠡᠷᠬᠡ ᠮᠠᠳᠠᠯ ᠪᠠ ᠳᠠᠰ ᠳᠠᠷᠠᠭᠠᠯᠠᠯ ᠢᠶᠠᠷ ᠡᠷᠬᠡ ᠶᠢ ᠬᠡᠷᠡᠭᠵᠢᠬᠦᠯᠵᠦ᠂ ᠳᠣᠰᠢᠶᠠᠯ ᠬᠠᠷᠢᠭᠤᠴᠠᠯᠭ᠎ᠠ ᠪᠠᠨ ᠬᠥᠢᠴᠡᠳᠬᠡᠬᠦ ᠬᠡᠷᠡᠭᠳᠡᠢ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠥᠯᠳᠠ ᠳᠤ ᠬᠢᠨᠠᠯᠳᠠ ᠳᠠᠯᠪᠢᠬᠤ ᠎ ᠪᠠᠨ ᠴᠢᠩᠭᠠᠳᠬᠠᠨ᠂ ᠳᠥᠪ ᠭᠤᠤᠯᠴᠢ᠂ ᠡᠷᠬᠡ ᠳᠡᠭᠰᠢ᠂ ᠪᠤᠯᠪᠠᠰᠣᠨ ᠢᠶᠠᠷ ᠬᠠᠤᠯᠢ ᠬᠡᠷᠡᠭᠵᠢᠬᠦᠯᠬᠦ ᠶᠢ ᠪᠠᠳᠣᠯᠠᠨ᠎ᠠ᠃ ᠵᠠᠰᠠᠭ ᠵᠠᠬᠢᠷᠭᠠᠨ ᠤ ᠬᠠᠷᠢᠭᠤᠴᠠᠯᠭ᠎ᠠ ᠠᠰᠠᠭᠤᠨ ᠳᠣᠯᠭᠠᠬᠤ ᠳᠥᠷᠢᠮ ᠢ ᠴᠢᠩᠭ᠎ᠠ ᠬᠡᠷᠡᠭᠵᠢᠬᠦᠯᠵᠥ᠂ ᠵᠠᠰᠠᠭ ᠤᠨ ᠵᠠᠷᠯᠢᠭ ᠢ ᠰᠠᠭᠠᠳ ᠥᠬᠡᠢ ᠶᠠᠪᠤᠭᠳᠠᠭᠤᠯᠣᠨ᠂ ᠵᠠᠷᠯᠢᠭ ᠴᠠᠭᠠᠵᠠ ᠶᠢ ᠳᠠᠭᠠᠬᠤ ᠶᠢ ᠪᠠᠳᠤᠯᠠᠵᠤ᠂ ᠡᠯ᠎ᠠ ᠵᠥᠢᠯ ᠤᠨ ᠴᠢᠬᠤᠯᠠ ᠶᠡᠭᠡ ᠠᠵᠢᠯ ᠤᠨ ᠪᠠᠶᠢᠷᠢᠯᠠᠭᠤᠯᠣᠯᠳᠠ ᠶᠢ ᠪᠥᠳᠣᠮᠵᠢᠳᠡᠢ ᠨᠠᠶᠢᠳᠠᠪᠤᠷᠢᠵᠢᠭᠤᠯᠬᠤ ᠶᠢ ᠪᠠᠳᠣᠯᠠᠨ᠎ᠠ᠃ ᠳᠥᠷᠢᠮ ᠢᠶᠠᠷ ᠡᠷᠬᠡ ᠶᠢ ᠬᠠᠮᠢᠶᠠᠷᠬᠤ᠂ ᠣᠴᠢᠷ ᠶᠠᠪᠤᠳᠠᠯ ᠢ ᠬᠠᠮᠢᠶᠠᠷᠬᠤ᠂ ᠬᠥᠮᠣᠨ ᠢ ᠬᠠᠮᠢᠶᠠᠷᠬᠤ ᠶᠢ ᠪᠠᠷᠢᠮᠳᠠᠯᠠᠵᠥ᠂ ᠡᠷᠬᠡ ᠶᠢ ᠥᠨᠡᠨᠬᠦ ᠢᠯᠠ ᠳᠣᠳᠣ ᠬᠡᠷᠡᠭᠵᠢᠬᠦᠯᠵᠦ᠂ ᠠᠵᠢᠯᠯᠠᠭ᠎ᠠ ᠶᠢ ᠵᠢᠷᠤᠮᠵᠢᠭᠤᠯᠤᠨ᠂ ︽ᠢᠯᠠ ᠳᠣᠳᠣ ᠵᠠᠰᠠᠭ ᠤᠨ ᠣᠷᠳᠣᠨ︾᠎ ᠢ ᠪᠥᠳᠣᠬᠡᠨ ᠪᠠᠶᠢᠭᠤᠯᠣᠨ᠎ᠠ᠃      ᠪᠢᠳᠠ ᠵᠠᠰᠠᠭ ᠤᠨ ᠣᠷᠳᠣᠨ ᠤ ᠡᠬᠦᠷᠬᠡ ᠴᠢᠳᠠᠪᠤᠷᠢ ᠶᠢ ᠤᠯᠠᠮ ᠨᠢᠭᠡ ᠠᠯᠬᠤᠮ ᠬᠤᠪᠢᠷᠠᠭᠤᠯᠵᠤ᠂ ᠨᠡᠩ ᠤᠯᠠᠨ ᠡᠳ᠋ ᠤᠨ ᠬᠦᠴᠦᠨ᠂ ᠪᠤᠳᠠᠰ ᠤᠨ ᠬᠦᠴᠦᠨ ᠢ ᠤᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶ᠎ᠡ ᠬᠡᠪᠴᠢᠶᠡᠨ ᠳᠤ ᠤᠷᠤᠭᠤᠯᠤᠨ᠂ ᠤᠯᠠᠨ ᠨᠡᠶᠢᠲᠡ ᠶᠢᠨ ᠦᠢᠯᠡᠳᠬᠦᠨ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠴᠢᠷᠮᠠᠶᠢᠨ ᠨᠡᠮᠡᠭᠳᠡᠬᠦᠯᠦᠨ᠎ᠡ᠃ ᠡᠯ᠎ᠡ ᠲᠦᠷᠦᠯ ᠤᠨ ᠠᠵᠢᠯ ᠲᠦᠷᠦᠯ ᠤᠨ ᠨᠡᠶᠢᠭᠡᠮᠯᠢᠭ ᠢ ᠢᠳᠡᠪᠬᠢᠲᠠᠢ ᠬᠥᠭᠵᠢᠬᠦᠯᠵᠥ᠂ ᠳᠠᠳᠠᠨᠠᠷ ᠎ ᠤᠨ ᠨᠡᠶᠢᠭᠡᠮ ᠤᠨ ᠬᠠᠮᠢᠶᠠᠷᠤᠯᠳᠠ ᠳᠠᠬᠢ ᠦᠢᠯᠡᠳᠦᠯ ᠢ ᠬᠦᠢᠴᠡᠳ ᠪᠠᠳᠠᠷᠠᠭᠤᠯᠤᠨ᠂ ᠵᠠᠰᠠᠭ ᠤᠨ ᠤᠷᠳᠤᠨ ᠤ ᠬᠠᠮᠢᠶᠠᠷᠤᠯᠳᠠ ᠬᠢᠬᠡᠳ ᠨᠡᠶᠢᠭᠡᠮ ᠤᠨ ᠦᠪᠡᠷᠳᠡᠭᠡᠨ ᠵᠠᠰᠠᠬᠤ ᠰᠢᠯᠢᠳᠡᠭ ᠠᠬᠢᠭᠤᠯᠤᠯᠳᠠ ᠶᠢ ᠪᠡᠶᠡᠯᠡᠬᠦᠯᠦᠨ᠎ᠡ᠃ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠠ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠦᠯ ᠵᠦᠢᠯ  ᠢ ᠢᠯᠭᠠᠷᠡᠭᠤᠯᠬᠤ ᠠᠵᠢᠯ  ᠢ ᠦᠷᠬᠦᠯᠵᠢᠯᠡᠨ ᠠᠬᠢᠭᠤᠯᠵᠤ᠂ ᠵᠠᠰᠠᠭ ᠤᠨ ᠤᠷᠳᠤᠨ ᠤ ᠬᠠᠮᠢᠶᠠᠷᠤᠯᠳᠠ ᠶᠢᠨ ᠠᠷᠭ᠎ᠠ ᠮᠠᠶ᠋ᠢᠭ ᠪᠠ ᠦᠢᠯᠡᠴᠢᠯᠡᠬᠦ ᠠᠷᠭ᠎ᠠ ᠪᠠᠷᠢᠯ ᠢ ᠶᠡᠬᠡᠪᠠᠷ ᠰᠠᠶᠢᠵᠢᠷᠠᠭᠤᠯᠤᠨ᠂ ᠡᠯᠧᠺᠲᠷᠤᠨ ᠵᠠᠰᠠᠭ ᠤᠨ ᠶᠠᠪᠤᠳᠠᠯ ᠢ ᠢᠳᠡᠪᠬᠢᠲᠠᠢ ᠠᠬᠢᠭᠤᠯᠵᠤ  ᠂ ︽ᠠᠰᠠᠷᠠᠭᠴᠢ ᠮᠠᠶ᠋ᠢᠭ︾᠎ ᠤᠨ ᠦᠢᠯᠡᠴᠢᠯᠡᠭᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠠᠵᠢᠯ ᠤᠨ ᠦᠷ᠎ᠡ ᠪᠦᠲᠦᠮᠵᠢ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠬᠦᠯᠦᠨ᠂ ᠤᠯᠠᠨ ᠲᠦᠮᠡᠨ ᠤ ᠤᠴᠢᠷ ᠶᠠᠪᠤᠳᠠᠯ ᠰᠢᠢᠳᠪᠦᠷᠢᠯᠡᠬᠦ ᠳᠤ ᠳᠦᠬᠦᠮ ᠪᠤᠯᠭᠠᠨ᠎ᠠ᠃ ᠠᠯᠪᠠᠨ ᠳᠤ ᠬᠡᠷᠡᠭᠯᠡᠬᠦ ᠳᠡᠷᠬᠡᠨ ᠤ ᠥᠬᠡᠷᠡᠴᠢᠯᠠᠯᠳᠠ  ᠶᠢᠨ ᠳᠥᠰᠣᠯ  ᠢ ᠳᠡᠬᠦᠯᠳᠡᠷᠵᠢᠬᠦᠯᠵᠥ᠂ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠶᠢ ᠢᠳᠡᠪᠬᠢᠲᠠᠢ ᠲᠦᠯᠬᠢᠨ ᠠᠬᠢᠭᠤᠯᠵᠤ᠂ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠤᠭᠳᠠᠬᠤ ᠤᠴᠢᠷ ᠢ ᠢᠯᠡ ᠪᠠᠶᠢᠯᠭᠠᠬᠤ ᠬᠦᠴᠦᠯᠡᠴᠡ ᠶᠢ ᠴᠢᠷᠮᠠᠶᠢᠨ ᠨᠡᠮᠡᠭᠳᠡᠬᠦᠯᠵᠦ᠂ ᠵᠠᠰᠠᠭ ᠤᠨ ᠤᠷᠳᠤᠨ ᠤ ᠠᠵᠢᠯ ᠤᠨ ᠢᠯᠡᠴᠡ  ᠶᠢᠨ ᠬᠡᠮᠵᠢᠶ᠎ᠠ ᠪᠠ ᠨᠡᠶᠢᠳᠡ ᠳᠤ ᠢᠳᠡᠭᠡᠭᠳᠡᠬᠦ ᠬᠦᠴᠦᠨ ᠢ ᠦᠨᠡᠨᠬᠦ ᠳᠡᠭᠡᠭᠰᠢᠯᠡᠬᠦᠯᠦᠨ᠎ᠡ᠃      ᠪᠢᠳᠠ ᠠᠵᠢᠯ  ᠤᠨ ᠰᠤᠷᠳᠠᠯ ᠢᠶᠠᠨ ᠬᠤᠪᠢᠷᠠᠭᠤᠯᠤᠨ᠂ ᠨᠠᠶᠢᠳᠠᠪᠤᠷᠢᠵᠢᠭᠤᠯᠣᠯᠳᠠ  ᠶᠢ ᠴᠢᠩᠭ᠎ᠠ ᠠᠳᠬᠤᠵᠥ᠂ ᠬᠤᠷᠠᠯ᠂ ᠪᠢᠴᠢᠭ ᠮᠠᠲ᠋ᠧᠷᠢᠶᠠᠯ ᠢ ᠶᠡᠬᠡᠪᠠᠷ ᠴᠦᠬᠡᠳᠬᠡᠨ᠂ ᠨᠡᠩ ᠠᠷᠪᠢᠨ ᠴᠠᠭ ᠪᠠ ᠤᠶᠤᠨ ᠤᠬᠠᠭᠠᠨ ᠢᠶᠠᠨ ᠲᠦᠷᠦᠯ ᠵᠦᠢᠯ ᠢ ᠠᠳᠬᠤᠬᠤ᠂ ᠪᠡᠯᠡ ᠮᠦᠩᠬᠦ ᠤᠯᠬᠤ ᠪᠠ ᠪᠠᠶᠢᠴᠠᠭᠠᠨ ᠰᠣᠳᠣᠯᠣᠯᠳᠠ ᠬᠢᠵᠥ ᠪᠤᠳᠠᠳᠤ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠬᠡᠷᠡᠭᠯᠡᠵᠦ᠂ ᠪᠤᠳᠠᠳᠤ ᠤᠴᠢᠷ ᠶᠠᠪᠤᠳᠠᠯ ᠢ ᠯᠠᠪᠳᠠᠭᠤᠨ ᠪᠠᠲᠤᠲᠠᠢ ᠬᠦᠢᠴᠡᠳᠭᠡᠨ᠂ ᠰᠢᠷᠭᠠᠭᠤ ᠬᠠᠳᠠᠭᠤᠵᠢᠯᠲᠠᠢ ᠢᠶᠠᠷ ᠠᠵᠢᠯᠯᠠᠵᠤ᠂ ᠬᠡᠯᠪᠡᠷᠢ ᠶᠢᠨ ᠦᠵᠡᠯ ᠢ ᠡᠷᠡᠰ ᠳᠠᠪᠴᠢᠨ᠂ ᠦᠢᠯᠡᠳᠦᠯᠭᠡ᠂ ᠠᠷᠠᠳ ᠲᠦᠮᠡᠨ ᠪᠠ ᠲᠡᠦᠬᠡ ᠶᠢᠨ ᠰᠢᠯᠭᠠᠯᠳᠠ ᠶᠢ  ᠳᠠᠭᠠᠭᠠᠵᠥ ᠠᠮᠵᠢᠯᠳᠠ ᠪᠦᠳᠤᠮᠵᠢ ᠭᠠᠷᠭᠠᠬᠤ ᠬᠡᠷᠡᠭᠳᠡᠢ᠃      ᠪᠢᠳᠠ ᠲᠦᠪ ᠴᠢᠬᠡᠴᠢ ᠬᠦᠮᠦᠨ ᠪᠤᠯᠵᠤ᠂  ᠠᠷᠢᠭᠤᠨ ᠴᠢᠬᠡᠴᠢ ᠠᠵᠢᠯᠯᠠᠬᠤ ᠬᠡᠷᠡᠭᠲᠠᠢ᠃ ᠲᠦᠷᠢᠮ ᠤᠨ ᠬᠢᠵᠠᠭᠠᠷᠯᠠᠯ᠂ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠤᠳᠤᠬᠤ ᠪᠠ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠶᠢ ᠴᠢᠩᠭᠠᠳᠬᠠᠨ᠂ ᠵᠠᠰᠠᠭ ᠤᠨ ᠤᠷᠳᠤᠨ ᠤ ᠴᠢᠨᠠᠷᠲᠠᠢ ᠲᠦᠷᠦᠯ ᠵᠦᠢᠯ ᠪᠠ ᠪᠡᠯᠡ ᠮᠦᠩᠬᠦᠨ ᠤ ᠬᠢᠨᠠᠯᠳᠠ ᠬᠠᠮᠢᠶᠠᠷᠤᠯᠳᠠ ᠶᠢ ᠴᠢᠩᠭᠠᠷᠠᠭᠤᠯᠵᠤ᠂  ᠢᠯᠵᠠᠷᠠᠮᠠᠯ ᠢ ᠲᠦᠷᠢᠮ ᠪᠠ ᠡᠬᠢ ᠰᠤᠷᠪᠤᠯᠵᠢ ᠠᠴᠠ ᠨᠢ ᠰᠡᠷᠬᠡᠶᠢᠯᠡᠨ ᠵᠠᠰᠠᠨ᠎ᠠ᠃ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠬᠠᠤᠯᠢ ᠵᠦᠷᠢᠴᠡᠭᠰᠡᠨ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠴᠢᠬᠡᠴᠢ ᠵᠠᠰᠠᠭ ᠤᠨ ᠪᠠᠶᠢᠭᠤᠯᠤᠯᠳᠠ ᠶᠢ ᠰᠠᠶᠢᠲᠤᠷ ᠠᠳᠬᠤᠵᠤ᠂ ᠢᠯᠵᠠᠷᠠᠮᠠᠯ ᠢ ᠡᠰᠡᠷᠬᠦᠴᠡᠬᠦ ᠳᠡᠮᠡᠴᠡᠯ ᠢ ᠬᠦᠨᠵᠡᠬᠡᠢ ᠦᠷᠨᠢᠬᠦᠯᠦᠨ᠎ᠡ᠃ ᠰᠠᠶᠢᠲᠤᠷ ᠭᠠᠮᠨᠠᠨ ᠠᠷᠪᠢᠯᠠᠵᠤ᠂ ᠶᠠᠮᠠᠷᠪᠠ ᠮᠠᠶ᠋ᠢᠭ ᠤᠨ ᠱᠠᠯᠢᠨ ᠪᠦᠷᠢᠯᠬᠡᠬᠦ ᠥᠢᠯᠠ ᠠᠵᠢᠯᠯᠠᠭ᠎ᠠ ᠶᠢ ᠡᠷᠡᠰ ᠡᠰᠡᠷᠬᠦᠴᠡᠵᠦ᠂ ᠠᠯᠢᠪᠠ ᠤᠴᠢᠷ ᠢ ᠠᠵᠢᠯᠴᠢ ᠠᠷᠪᠢᠴᠢ ᠪᠠᠷ ᠰᠢᠢᠳᠪᠦᠷᠢᠯᠡᠨ᠂ ᠠᠯᠢᠪᠠ ᠠᠵᠢᠯᠯᠠᠭ᠎ᠠ ᠶᠢ ᠠᠷᠪᠢᠴᠢ ᠲᠠᠢ ᠡᠷᠬᠢᠯᠡᠵᠦ᠂ ᠦᠨᠡᠨ ᠪᠤᠳᠠᠲᠠᠢ᠂ ᠠᠷᠢᠭᠤᠨ ᠴᠢᠭᠡᠴᠢ ᠵᠠᠰᠠᠭ ᠤᠨ ᠤᠷᠳᠤᠨ ᠤ ᠲᠦᠷᠢ ᠲᠦᠷᠬᠦ ᠪᠠᠷ ᠠᠷᠠᠳ ᠤᠯᠠᠨ ᠤ ᠢᠳᠡᠬᠡᠯ ᠪᠠ ᠳᠡᠮᠵᠢᠯᠭᠡ ᠶᠢ ᠤᠯᠬᠤ ᠬᠡᠷᠡᠭᠲᠠᠢ᠃      ᠲᠦᠯᠦᠭᠡᠯᠡᠭᠴᠢᠳ ᠡ᠂ ᠰᠢᠨ᠎ᠡ ᠨᠢᠭᠡᠨ ᠵᠢᠯ ᠳᠤ ᠪᠢᠳᠠ ︽ᠪᠦᠲᠦᠴᠡ ᠶᠢᠨ ᠬᠡᠯᠪᠡᠷᠢ ᠶᠢ ᠬᠤᠪᠢᠷᠠᠭᠤᠯᠵᠤ᠂ ᠰᠢᠨ᠎ᠡ ᠶᠢ ᠡᠬᠦᠳᠦᠨ ᠬᠤᠳᠠ ᠪᠠᠨ ᠬᠦᠴᠦᠷᠬᠡᠭᠵᠢᠬᠦᠯᠬᠦ︾ ᠪᠠᠶᠢᠯᠳᠤᠬᠤ ᠪᠤᠳᠤᠯᠭ᠎ᠠ  ᠶᠢ ᠬᠡᠷᠡᠭᠵᠢᠬᠦᠯᠬᠦ ᠬᠥᠨᠳᠣ ᠶᠡᠭᠡ ᠡᠬᠦᠷᠭᠡ ᠲᠤᠰᠢᠶᠠᠯ ᠢ ᠡᠬᠦᠷᠬᠡᠯᠡᠵᠥ ᠪᠠᠶᠢᠬᠤ ᠪᠠᠷ ᠪᠠᠷᠠᠬᠤ ᠦᠭᠡᠢ ᠪᠠᠰᠠ ᠬᠦᠴᠢᠷ ᠪᠤᠳᠤᠯᠢᠶᠠᠨ ᠲᠠᠢ ᠪᠠᠶᠢᠳᠠᠯ ᠤᠨ ᠬᠠᠳᠠᠭᠤ ᠰᠢᠯᠠᠭᠠᠯᠳᠠ ᠲᠤᠯᠭᠠᠷᠠᠵᠤ ᠪᠠᠶᠢᠬᠤ ᠶᠤᠮ᠃ ᠪᠢᠳᠠ ᠬᠤᠳᠠ ᠶᠢᠨ ᠨᠠᠮ ᠤᠨ ᠬᠤᠷᠢᠶᠠᠨ ᠤ ᠴᠢᠩᠭ᠎ᠠ ᠤᠳᠤᠷᠢᠳᠤᠯᠭ᠎ᠠ ᠳᠤᠤᠷ᠎ᠠ᠂ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠳᠡ ᠪᠠᠷ ᠵᠢᠯᠤᠭᠤᠳᠤᠯᠭ᠎ᠠ ᠪᠤᠯᠭᠠᠨ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠲᠦᠰᠢᠵᠦ᠂ ᠬᠦᠴᠢᠷ ᠢ ᠰᠦᠷᠦᠨ᠂ ᠵᠠᠮ ᠨᠡᠭᠡᠭᠡᠨ ᠰᠢᠨ᠎ᠡ ᠶᠢ ᠡᠬᠦᠳᠴᠦ᠂ ᠦᠨᠡᠨ ᠢ ᠪᠠᠷᠢᠮᠲᠠᠯᠠᠨ ᠪᠤᠳᠠᠲᠠᠢ ᠶᠢ ᠡᠷᠬᠢᠮᠯᠠᠨ᠂ ᠰᠢᠷᠭᠠᠭᠤ ᠬᠠᠳᠠᠭᠤᠵᠢᠯᠲᠠᠢ ᠠᠵᠢᠯᠯᠠᠵᠤ᠂ ᠠᠵᠤ ᠠᠬᠤᠢ ᠨᠡᠶᠢᠭᠡᠮ ᠤᠨ ᠰᠠᠶᠢᠨ ᠮᠦᠷᠲᠡᠭᠡᠨ ᠲᠦᠷᠭᠡᠨ ᠬᠦᠭᠵᠢᠯᠲᠡ  ᠶᠢ ᠬᠥᠴᠣᠳᠠᠢ ᠳᠥᠯᠬᠢᠨ ᠠᠬᠢᠭᠤᠯᠣᠶ᠎ᠠ︕
        ᠢᠷᠡᠯᠲᠡ᠄ ᠤᠷᠳᠤᠰ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ